2024 ᠣᠨ ᠤ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠭᠠᠷ ᠤᠷᠠᠯᠠᠯ ᠤᠨ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠪᠣᠯᠪᠠᠰᠤᠷᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2024/5/22
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ 2024 ᠣᠨ ᠤ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠭᠠᠷ ᠤᠷᠠᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠴᠦ ᠬᠥᠭᠵᠢᠭᠦᠯᠬᠦ ᠪᠣᠯᠪᠠᠰᠤᠷᠠᠯ ᠤᠨ ᠠᠩᠭᠢ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠳᠤ ᠬᠢᠴᠢᠶᠡᠯ ᠶᠠᠪᠤᠭᠳᠠᠭᠰᠠᠨ ᠪᠥᠭᠡᠳ ᠪᠦᠭᠦ ᠣᠷᠣᠨ ᠤ 12 ᠠᠶᠢᠮᠠᠭ ᠬᠤᠲᠠ ᠶᠢᠨ 88 ᠨᠡᠷᠡᠰ ᠦᠨᠳᠦᠰᠦᠲᠡᠨ ᠤ ᠭᠠᠷ ᠤᠷᠠᠯᠠᠯ ᠤᠨ ᠠᠵᠢᠯᠯᠠᠭᠴᠢ ᠪᠣᠯᠪᠠᠰᠤᠷᠠᠯ ᠳᠤ ᠣᠷᠣᠯᠴᠠᠵᠠᠢ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠬᠠᠮᠵᠢᠨ ᠡᠷᠭᠢᠯᠡᠵᠦ᠂ ᠣᠲᠤᠭ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠣᠲᠤᠭ ᠤᠨ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠵᠠᠢ᠃      ᠪᠣᠯᠪᠠᠰᠤᠷᠠᠯ ᠤᠨ ᠠᠩᠭᠢ ᠳᠤ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠵᠤ ᠡᠰᠬᠡᠬᠦ᠂ ᠬᠠᠳᠬᠤᠮᠠᠯ ᠬᠠᠳᠬᠤᠬᠤ᠂ ᠦᠨᠳᠦᠰᠦᠲᠡᠨ ᠤ ᠠᠷᠠᠰᠤᠨ ᠰᠡᠶᠢᠯᠦᠮᠡᠯ ᠤᠨ ᠭᠠᠷ ᠤᠷᠠᠯᠠᠯ᠂ ᠦᠨᠳᠦᠰᠦᠲᠡᠨ ᠤ ᠵᠠᠰᠠᠯ ᠵᠢᠮᠰᠡᠭ᠂ ᠮᠣᠳᠣᠨ ᠰᠡᠶᠢᠯᠦᠮᠡᠯ ᠵᠡᠷᠭᠡ 5 ᠲᠤᠰᠬᠠᠢ ᠮᠡᠷᠭᠡᠵᠢᠯ ᠲᠣᠬᠢᠷᠠᠭᠤᠯᠤᠭᠰᠠᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠯᠠᠨ ᠨᠡᠶᠢᠲᠡ ᠶᠢᠨ ᠬᠢᠴᠢᠶᠡᠯ ᠲᠣᠬᠢᠷᠠᠭᠤᠯᠵᠤ᠂ ᠣᠷᠣᠯᠴᠠᠭᠰᠠᠳ ᠲᠤ ᠦᠨᠳᠦᠰᠦᠲᠡᠨ ᠤ ᠭᠠᠷ ᠤᠷᠠᠯᠠᠯ ᠢ ᠡᠵᠡᠮᠰᠢᠭᠦᠯᠬᠦ ᠶᠢᠨ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡᠵᠢᠭᠦᠯᠦᠭᠴᠢ᠂ ᠤᠯᠠᠮᠵᠢᠯᠠᠭᠴᠢ ᠪᠤᠯᠭᠠᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠠᠬᠢᠭᠤᠯᠤᠭᠴᠢ  ᠪᠤᠯᠭᠠᠬᠤ ᠶᠢ ᠵᠣᠷᠢᠭᠵᠢᠭᠤᠯᠤᠯ᠎ᠠ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠪᠣᠯ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ ᠳᠥᠷᠪᠡᠨ ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ︽ᠦᠨᠳᠦᠰᠦᠲᠡᠨ ᠤ ᠭᠠᠷ ᠤᠷᠠᠯᠠᠯ ᠤᠨ ᠦᠢᠯᠡᠰ ᠤᠨ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠠᠭᠤᠰᠤᠯᠴᠠᠬᠤ︾ᠤᠳᠤᠷᠢᠳᠤᠮᠵᠢ ᠶᠢ ᠲᠣᠪᠤᠶᠢᠯᠭᠠᠨ᠂ ᠦᠨᠳᠦᠰᠦᠲᠡᠨ ᠤ ᠭᠠᠷ ᠤᠷᠠᠯᠠᠯ ᠤᠨ ᠠᠵᠢᠯᠯᠠᠭᠴᠢ ᠶᠢᠨ ᠤᠷ᠎ᠠ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠭᠠᠷ ᠤᠷᠠᠯᠠᠯ ᠤᠨ ᠦᠢᠯᠡᠰ ᠤᠨ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号