20 ᠭᠠᠷᠤᠢ ᠮᠤᠵᠢ ᠣᠷᠣᠨ ᠡᠮ ᠡᠮᠨᠡᠯᠭᠡ ᠶᠢᠨ ᠳᠠᠭᠠᠳᠬᠠᠯ ᠢ ᠮᠤᠵᠢ ᠶᠢᠨ ᠳᠣᠲᠣᠷ᠎ᠠ ᠪᠠᠨ ᠭᠡᠷ ᠪᠦᠯᠢ ᠪᠠᠷ  ᠢᠶᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2024/5/23
     ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ 18 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠣᠳᠣᠬᠠᠨ ᠳᠤ ᠨᠢᠭᠡᠨᠲᠡ 22 ᠮᠤᠵᠢ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ ᠮᠤᠵᠢ ᠶᠢᠨ ᠳᠣᠲᠣᠷᠠᠬᠢ ᠣᠨᠳᠣᠣ ᠭᠠᠵᠠᠷ ᠲᠤ ᠪᠠᠶᠢᠭ᠎ᠠ ᠭᠡᠷ ᠪᠦᠯᠢ ᠲᠠᠢ ᠪᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠵᠦ᠂ 9 ᠮᠤᠵᠢ ᠣᠷᠣᠨ ᠡᠨᠡ ᠵᠢᠯ ᠤᠨ ᠡᠴᠦᠰ ᠠᠴᠠ ᠡᠮᠦᠨ᠎ᠡ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ ᠮᠤᠵᠢ ᠶᠢᠨ ᠳᠣᠲᠣᠷᠠᠬᠢ ᠣᠨᠳᠣᠣ ᠭᠠᠵᠠᠷ ᠲᠤ ᠪᠠᠶᠢᠭ᠎ᠠ ᠭᠡᠷ ᠪᠦᠯᠢ ᠲᠠᠢ ᠪᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠬᠦ ᠪᠣᠯᠣᠨ᠎ᠠ᠃      ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠪᠠᠷ ᠬᠠᠷᠢᠯᠴᠠᠨ ᠲᠤᠰᠠᠯᠠᠯᠴᠠᠬᠤ ᠭᠡᠳᠡᠭ ᠪᠣᠯ ᠳᠠᠭᠠᠳᠬᠠᠯ ᠳᠤ ᠣᠷᠣᠯᠴᠠᠭᠰᠠᠳ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠤ ᠳᠠᠷᠠᠭ᠎ᠠ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠪᠠᠷ ᠬᠠᠷᠢᠯᠴᠠᠨ ᠲᠤᠰᠠᠯᠠᠯᠴᠠᠬᠤ ᠪᠠᠷ ᠳᠠᠮᠵᠢᠭᠤᠯᠤᠨ᠂ ᠬᠤᠪᠢ ᠬᠥᠮᠥᠨ ᠤ ᠲᠠᠩᠰᠠᠨ ᠡᠷᠦᠭᠡ ᠶᠢ ᠨᠢᠭᠡᠨᠲᠡ ᠳᠠᠭᠠᠳᠬᠠᠯ ᠳᠤ ᠣᠷᠣᠯᠴᠠᠬᠰᠠᠨ ᠡᠴᠢᠭᠡ ᠡᠬᠡ᠂ ᠬᠤᠯᠪᠤᠰᠤ ᠪᠠ ᠦᠷ᠎ᠡ ᠬᠡᠦᠬᠡᠳ ᠲᠡᠭᠡᠨ ᠡᠷᠬᠡ ᠣᠯᠭᠤᠵᠤ ᠬᠡᠷᠡᠭᠯᠡᠭᠦᠯᠬᠦ ᠶᠢ ᠵᠢᠭᠠᠵᠤ ᠪᠠᠶᠢᠨ᠎ᠠ᠂ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠢ ᠲᠥᠯᠥᠬᠦ ᠳᠤ ᠬᠤᠪᠢ ᠬᠥᠮᠥᠨ ᠤ ᠥᠪᠡᠰᠦᠪᠡᠨ ᠲᠥᠯᠥᠬᠦ ᠬᠡᠰᠡᠭ ᠲᠤ ᠬᠡᠷᠡᠭᠯᠡᠬᠦ ᠵᠡᠷᠭᠡ ᠪᠣᠯᠣᠨ᠎ᠠ᠃      ᠣᠳᠣᠬᠠᠨ ᠳᠤ᠂ ᠬᠠᠷᠢᠯᠴᠠᠨ ᠲᠤᠰᠠᠯᠠᠯᠴᠠᠬᠤ ᠬᠥᠮᠥᠰ ᠪᠠ ᠲᠤᠰᠠᠯᠠᠭᠳᠠᠬᠤ ᠬᠥᠮᠥᠰ ᠠᠳᠠᠯᠢ ᠨᠢᠭᠡᠨ ᠦᠨᠳᠦᠰᠦᠨ ᠳᠠᠭᠠᠳᠬᠠᠯ ᠢ ᠨᠢᠭᠡᠳᠦᠯᠲᠡᠢ ᠲᠥᠯᠥᠪᠵᠢᠭᠦᠯᠬᠦ ᠣᠷᠣᠨ ︵ᠶᠡᠷᠦ ᠳᠡᠭᠡᠨ ᠠᠳᠠᠯᠢ ᠨᠢᠭᠡᠨ ᠲᠤᠰᠬᠠᠢ ᠣᠷᠣᠨ ᠤ ᠲᠠᠰ ᠤᠨ ᠬᠤᠲᠠ︶ ᠳᠤ ᠬᠠᠷᠢᠯᠴᠠᠨ ᠲᠤᠰᠠᠯᠠᠯᠴᠠᠵᠤ ᠪᠤᠯᠤᠨ᠎ᠠ; ᠮᠤᠵᠢ ᠶᠢᠨ ᠳᠣᠲᠣᠷᠠᠬᠢ ᠣᠨᠳᠣᠣ ᠭᠠᠵᠠᠷ ᠲᠤ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠬᠦ ᠭᠡᠳᠡᠭ ᠨᠢ ᠬᠠᠷᠢᠯᠴᠠᠨ ᠲᠤᠰᠠᠯᠠᠯᠴᠠᠭᠰᠠᠳ ᠪᠠ ᠲᠤᠰᠠᠯᠠᠭᠳᠠᠬᠤ ᠬᠥᠮᠥᠰ ᠨᠢᠭᠡ ᠯᠡ ᠮᠤᠵᠢ ᠳᠤ ᠳᠠᠭᠠᠳᠬᠠᠯ ᠳᠤ ᠣᠷᠤᠯᠴᠠᠬᠤ ᠶᠢ ᠵᠢᠭᠠᠵᠤ ᠪᠠᠶᠢᠨ᠎ᠠ᠂ ᠭᠡᠪᠡᠴᠦ ᠠᠳᠠᠯᠢ ᠨᠢᠭᠡᠨ ᠨᠢᠭᠡᠳᠦᠯᠲᠡᠢ ᠲᠥᠯᠥᠪᠵᠢᠭᠦᠯᠬᠦ ᠣᠷᠣᠨ ᠳᠤ ᠪᠠᠶᠢᠬᠤ ᠦᠭᠡᠢ ᠴᠦ ᠭᠡᠰᠡᠨ ᠲᠥᠷᠥᠯ ᠰᠠᠳᠤᠨ ᠲᠠᠢ ᠪᠠᠨ ᠬᠠᠷᠢᠯᠴᠠᠨ ᠲᠤᠰᠠᠯᠠᠯᠴᠠᠵᠤ ᠪᠣᠯᠣᠨ᠎ᠠ᠃      ᠨᠢᠭᠡᠨᠲᠡ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢ ᠮᠤᠵᠢ ᠶᠢᠨ ᠳᠣᠲᠣᠷᠠᠬᠢ ᠣᠨᠳᠣᠣ ᠭᠠᠵᠠᠷ ᠲᠤ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ᠄ ᠪᠡᠭᠡᠵᠢᠩ᠂ ᠲᠢᠶᠠᠨᠵᠢᠨ᠂ ᠱᠠᠩᠬᠠᠢ᠂ ᠴᠦᠩᠴᠢᠩ᠂ ᠾᠧᠪᠧᠢ᠂ ᠱᠠᠨ ᠰᠢ᠂ ᠥᠪᠥᠷ ᠮᠣᠩᠭᠤᠯ᠂ ᠭᠢᠷᠢᠨ᠂ ᠵᠢᠶᠠᠩᠰᠤ᠂ ᠹᠦᠵᠢᠶᠠᠨ᠂ ᠵᠢᠶᠠᠩᠰᠢ᠂ ᠬᠤᠨᠠᠨ᠂ ᠭᠤᠸᠠᠩᠰᠢ᠂ ᠬᠠᠶᠢᠨᠠᠨ᠂ ᠰᠧᠴᠤᠸᠠᠨ᠂ ᠭᠦᠢᠵᠧᠦ᠂ ᠶᠦᠨᠨᠠᠨ᠂ ᠲᠥᠪᠡᠳ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠣᠯᠣᠨ᠎ᠠ᠃ ᠡᠭᠦᠨ ᠳᠤ᠂ ᠾᠧᠪᠧᠢ᠂ ᠵᠢᠶᠠᠩᠰᠤ ᠵᠡᠷᠭᠡ ᠭᠠᠵᠠᠷ ᠣᠷᠣᠨ ᠳᠤ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠰᠠᠨ ᠬᠤᠪᠢ ᠬᠥᠮᠥᠨ ᠤ ᠲᠠᠩᠰᠠᠨ ᠡᠷᠦᠭᠡ ᠶᠢᠨ ᠦᠯᠡᠳᠡᠪᠦᠷᠢ ᠮᠥᠩᠭᠦ ᠶᠢ ᠮᠤᠵᠢ ᠶᠢᠨ ᠳᠣᠲᠣᠷᠠᠬᠢ ᠣᠨᠳᠣᠣ ᠭᠠᠵᠠᠷ ᠲᠠᠬᠢ ᠳᠠᠭᠠᠳᠬᠠᠯ ᠳᠤ ᠣᠷᠣᠯᠴᠠᠬᠰᠠᠨ ᠰᠢᠭᠤᠳ ᠴᠢᠰᠤᠨ ᠳᠦᠷᠦᠯ ᠲᠠᠢ ᠪᠠᠨ ᠬᠠᠷᠢᠯᠴᠠᠨ ᠲᠤᠰᠠᠯᠠᠯᠴᠠᠵᠤ ᠪᠤᠯᠬᠤ ᠪᠠᠷ ᠪᠠᠷᠠᠬᠤ ᠦᠭᠡᠢ᠂ ᠪᠠᠰᠠ ᠬᠠᠷᠢᠯᠴᠠᠨ ᠲᠤᠰᠠᠯᠠᠯᠴᠠᠬᠤ ᠪᠡᠯᠡ ᠮᠥᠩᠭᠦ ᠶᠢ ᠮᠤᠵᠢ ᠠᠯᠤᠰᠯᠠᠨ ᠬᠡᠷᠡᠭᠯᠡᠵᠦ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠵᠧᠵᠢᠶᠠᠩ᠂ ᠾᠧᠨᠠᠨ᠂ ᠱᠠᠨᠳᠦ᠋ᠩ᠂ ᠭᠤᠸᠠᠩᠳᠦ᠋ᠩ ᠤᠨ ᠬᠡᠰᠡᠭ ᠭᠠᠵᠠᠷ ᠨᠢ ᠮᠤᠵᠢ ᠶᠢᠨ ᠳᠣᠲᠣᠷᠠᠬᠢ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠪᠦᠭᠦᠨ ᠢ ᠪᠡᠶᠡᠯᠡᠭᠦᠯᠵᠦ᠂ ᠠᠨᠾᠦ᠋ᠢ᠂ ᠱᠠᠨᠰᠢ ᠣᠶᠢᠷ᠎ᠠ ᠳᠤ ᠮᠤᠵᠢ ᠶᠢᠨ ᠳᠣᠲᠣᠷᠠᠬᠢ ᠬᠠᠷᠢᠯᠴᠠᠨ ᠲᠤᠰᠠᠯᠠᠯᠴᠠᠬᠤ ᠶᠢ ᠤᠳᠠᠯ ᠦᠭᠡᠢ ᠪᠡᠶᠡᠯᠡᠭᠦᠯᠬᠦ ᠪᠠᠷ ᠪᠠᠶᠢᠵᠤ᠂ ᠯᠢᠶᠣᠤᠨᠢᠩ᠂ ᠬᠠᠷᠠᠮᠥ᠋ᠷᠡᠨ᠂ ᠬᠤᠪᠧᠢ ᠡᠨᠡ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠬᠦ ᠪᠣᠯᠣᠨ᠎ᠠ᠃      ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠪᠠᠷ ᠭᠡᠷ ᠪᠦᠯᠢ ᠬᠠᠷᠢᠯᠴᠠᠨ ᠲᠤᠰᠠᠯᠠᠯᠴᠠᠬᠤ ᠳᠤ᠄ ᠨᠢᠭᠡ ᠳᠤ ᠳᠠᠭᠠᠳᠬᠠᠯ ᠳᠤ ᠣᠷᠣᠯᠴᠠᠭᠰᠠᠳ ᠤᠨ ᠡᠴᠢᠭᠡ ᠡᠬᠡ᠂ ᠬᠠᠨᠢ ᠨᠥᠬᠦᠷ᠂ ᠦᠷ᠎ᠡ ᠬᠡᠦᠬᠡᠳ ᠨᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠬᠰᠠᠨ ᠪᠠᠶᠢᠬᠤ ︵ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠᠭᠲᠠᠨ᠎ᠠ︶; ᠬᠤᠶᠠᠷ ᠲᠤ ᠳᠠᠭᠠᠳᠬᠠᠯ ᠳᠤ ᠣᠷᠣᠯᠴᠠᠭᠰᠠᠳ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠪᠠᠷ ︽ᠭᠡᠷ ᠪᠦᠯᠢ ᠬᠠᠷᠢᠯᠴᠠᠨ ᠲᠤᠰᠠᠯᠠᠯᠴᠠᠬᠤ︾ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠬᠤ ᠵᠡᠷᠭᠡ ᠬᠤᠶᠠᠷ ᠤᠷᠢᠳᠠᠯ ᠢ ᠬᠠᠩᠭᠠᠬᠤ ᠬᠡᠷᠡᠭᠲᠡᠢ ᠭᠡᠵᠦ ᠲᠠᠨᠢᠯᠴᠠᠭᠤᠯᠪᠠ᠃      ᠳᠠᠭᠠᠳᠬᠠᠯ ᠳᠤ ᠣᠷᠣᠯᠴᠠᠭᠰᠠᠳ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ App ᠶᠢᠨ ᠣᠷᠣᠨ ᠨᠤᠲᠤᠭ ᠤᠨ ᠲᠤᠰᠬᠠᠢ ᠲᠣᠭᠤᠷᠢᠭ᠂ ᠲᠤᠬᠠᠢ ᠶᠢᠨ ᠭᠠᠵᠠᠷ ᠤᠨ ᠡᠮ ᠡᠮᠨᠡᠯᠭᠡ  ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ᠂ ᠠᠯᠪᠠᠨ ᠰᠦᠯᠵᠢᠶ᠎ᠡ ᠵᠡᠷᠭᠡ ᠶᠢᠨ ︽ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ  ᠪᠠᠷ ᠭᠡᠷ ᠪᠦᠯᠢ ᠬᠠᠷᠢᠯᠴᠠᠨ ᠲᠤᠰᠠᠯᠠᠯᠴᠠᠬᠤ︾ ᠴᠢᠳᠠᠮᠵᠢ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ ᠪᠣᠯᠣᠨ᠎ᠠ᠂ ᠪᠣᠳᠠᠲᠠᠢ ᠠᠷᠭ᠎ᠠ ᠵᠠᠮ ᠢ ᠡᠯ᠎ᠡ ᠨᠢᠭᠡᠳᠦᠯᠲᠡᠢ ᠲᠥᠯᠥᠪᠵᠢᠭᠦᠯᠬᠦ ᠲᠣᠭᠤᠷᠢᠭ ᠤᠨ ᠡᠮ ᠡᠮᠨᠡᠯᠭᠡ  ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠨᠡᠶᠢᠭᠡᠮ ᠨᠡᠶᠢᠲᠡ ᠳᠤ ᠢᠯᠡ ᠪᠤᠯᠭᠠᠬᠤ ᠶᠢᠨ ᠬᠠᠮᠲᠤ᠂ ᠡᠮ ᠡᠮᠨᠡᠯᠭᠡ  ᠶᠢᠨ ᠳᠠᠭᠠᠳᠬᠠᠯ ᠤᠨ ᠶᠡᠭᠡ ᠲᠢᠩᠬᠢᠮ ᠤᠨ ᠲᠤᠬᠠᠢ ᠶᠢᠨ ᠳᠠᠯᠠᠪᠠᠢ ᠳᠤ ᠴᠤ ᠲᠣᠰ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃      (ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 18 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号