ᠰᠠᠶᠢᠬᠠᠨ ᠲᠣᠭᠤᠷᠢᠭ᠄  ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2024/5/24
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠦᠵᠡᠯ ᠰᠠᠨᠠᠭ᠎ᠠ ᠶᠢ ᠨᠢᠭᠡᠳᠬᠡᠬᠦ᠂ ᠰᠡᠵᠢᠭ ᠢ ᠲᠠᠶᠢᠯᠵᠤ ᠲᠥᠭᠡᠷᠢᠭᠳᠡᠯ ᠢ ᠲᠠᠶᠢᠯᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠦᠢᠯᠡᠳᠦᠯ ᠢ ᠪᠠᠳᠠᠷᠠᠭᠤᠯᠵᠤ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠠᠶᠢᠬᠠᠨ ᠲᠣᠭᠤᠷᠢᠭ ᠤᠨ ᠯᠧᠺᠲ᠋ᠣᠷ ᠤᠨ ᠪᠦᠯᠬᠦᠮ 2024 ᠣᠨ ᠤ ᠬᠦᠬᠡᠬᠤᠳᠠ ᠶᠢᠨ ᠭᠡᠷᠡᠯ ᠭᠢᠯᠪᠠᠭ᠎ᠠ · ᠰᠠᠶᠢᠬᠠᠨ ᠲᠣᠭᠤᠷᠢᠭ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠡᠷᠬᠢᠯᠡᠪᠡ᠃
               ᠤᠷᠤᠯᠳᠤᠭᠠᠨ᠂ ᠪᠦᠬᠦ ᠲᠣᠭᠤᠷᠢᠭ ᠤᠨ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠢᠳᠡᠪᠬᠢᠲᠡᠢ ᠬᠦᠷᠢᠶᠡᠯᠡᠯ ᠢ ᠣᠯᠪᠠ᠃ 57 ᠲᠠᠮᠢᠷᠴᠢᠨ ᠪᠡᠯᠡᠳᠬᠡᠯ ᠤᠷᠤᠯᠳᠤᠭᠠᠨ ᠤ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ 8 ᠲᠠᠮᠢᠷᠴᠢᠨ ᠴᠣᠯᠭᠤᠷᠠᠨ ᠭᠠᠷᠴᠤ ᠰᠢᠢᠳᠪᠦᠷᠢᠲᠦ ᠤᠷᠤᠯᠳᠤᠭᠠᠨ ᠳᠤ ᠣᠷᠣᠪᠠ᠃ ᠤᠷᠤᠯᠳᠤᠭᠠᠨ ᠳᠤ ᠣᠷᠣᠯᠴᠠᠭᠰᠠᠳ ᠬᠠᠶᠢᠷ᠎ᠠ ᠰᠡᠳᠬᠢᠯᠭᠡ ᠶᠢᠨ ᠬᠠᠯᠠᠭᠤᠨ ᠳᠤᠯᠠᠭᠠᠨ ᠢᠶᠠᠷ ᠪᠢᠯᠬᠠᠭᠰᠠᠨ ᠤᠬᠠᠭᠤᠯᠤᠨ ᠲᠠᠶᠢᠯᠪᠤᠷᠢᠯᠠᠵᠤ᠂ ᠠᠵᠢᠯ ᠲᠠᠢ ᠪᠠᠨ ᠤᠶᠠᠯᠳᠤᠭᠤᠯᠵᠤ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠪᠠ᠃ ᠪᠦᠬᠦ ᠲᠠᠯᠠᠪᠤᠷ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤᠨᠤᠯ ᠤᠨ ᠥᠨᠳᠥᠷᠴᠡ ᠲᠠᠢ ᠪᠥᠭᠡᠳ ᠬᠤᠪᠢ ᠬᠥᠮᠥᠨ ᠤ ᠲᠥᠷᠥᠭᠳᠡᠯ ᠲᠠᠢ ᠪᠠᠶᠢᠵᠤ᠂ ᠰᠡᠳᠬᠢᠯ ᠵᠢᠷᠦᠬᠡᠨ ᠳᠡᠭᠡᠨ ᠬᠠᠳᠠᠩᠰᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠭᠤᠶᠢᠳᠠ ᠰᠠᠶᠢᠬᠠᠨ ᠦᠵᠡᠭᠦᠯᠦᠯᠭᠡ ᠪᠠ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠤᠷᠤᠯᠳᠤᠭᠠᠨ ᠤ ᠡᠴᠦᠰ ᠲᠤ ᠨᠢᠭᠡᠳᠦᠭᠡᠷ ᠳᠡᠰ ᠤᠨ ᠱᠠᠩᠨᠠᠯ 1᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3 ᠪᠠ ᠰᠢᠯᠢᠳᠡᠭ ᠱᠠᠩᠨᠠᠯ 2 ᠢ ᠰᠢᠯᠭᠠᠷᠠᠭᠤᠯᠤᠨ ᠭᠠᠷᠭᠠᠪᠠ᠃
    ᠰᠠᠶᠢᠬᠠᠨ ᠲᠣᠭᠤᠷᠢᠭ ᠡᠯ᠎ᠡ ᠱᠠᠲᠤᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠳᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠰᠠᠶᠢᠨ ᠦᠷ᠎ᠡ ᠪᠦᠲᠦᠮᠵᠢ ᠣᠯᠵᠤ᠂ ᠪᠦᠬᠦ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠬᠥᠮᠥᠰ ᠤᠨ ᠰᠡᠳᠬᠢᠯ ᠳᠤ ᠭᠦᠨᠵᠡᠭᠡᠶᠢᠷᠡᠵᠦ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠬᠠᠩᠭᠠᠵᠠᠢ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠭᠦᠨᠵᠡᠭᠡᠢ ᠠᠭᠤᠳᠠᠯᠤᠨ ᠪᠣᠯᠪᠠᠰᠤᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠠᠲᠠᠬᠤ ᠬᠦᠴᠦᠨ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠠᠲᠠᠬᠤ ᠬᠦᠴᠦᠨ ᠪᠣᠯᠣᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠤᠬᠠᠭᠤᠯᠤᠨ ᠲᠠᠶᠢᠯᠪᠤᠷᠢᠯᠠᠬᠤ ᠡᠬᠢ ᠪᠠᠶᠠᠯᠢᠭ ᠢ ᠢᠳᠡᠪᠬᠢᠲᠡᠢ ᠨᠡᠶᠢᠳᠬᠡᠵᠦ᠂ ᠨᠠᠮ ᠤᠨ ᠣᠨᠣᠯ ᠢᠶᠠᠷ ᠤᠯᠠᠨ ᠲᠦᠮᠡᠨ ᠤ ᠰᠡᠵᠢᠭ ᠢ ᠲᠠᠶᠢᠯᠪᠤᠷᠢᠯᠠᠬᠤ ᠶᠢ ᠪᠠᠷᠢᠮᠲᠠᠯᠠᠵᠤ᠂ ᠥᠷᠭᠡᠨ ᠤᠯᠠᠨ ᠲᠦᠮᠡᠨ ᠳᠤ ᠪᠣᠳᠠᠲᠠᠢ ᠠᠮᠢᠳᠤᠷᠠᠯ ᠤᠨ ᠳᠤᠮᠳᠠ ᠨᠠᠮ ᠤᠨ ᠣᠨᠣᠯ ᠪᠣᠯᠣᠨ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ ᠪᠣᠳᠠᠲᠤ ᠦᠷ᠎ᠡ ᠪᠦᠲᠦᠮᠵᠢ ᠪᠣᠯᠣᠨ ᠢᠳᠡᠪᠬᠢᠲᠡᠢ ᠨᠥᠯᠥᠭᠡ ᠶᠢ ᠦᠨᠡᠨᠬᠦ ᠮᠡᠳᠡᠷᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号