| ᠨᠡᠶᠢᠭᠡᠮ ᠤᠨ ᠡᠯ᠎ᠡ ᠡᠲᠡᠭᠡᠳ ︽ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ ᠳᠠᠯᠠᠨ ᠬᠤᠶᠠᠳᠤᠭᠠᠷ ᠤᠳᠠᠭ᠎ᠠ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠵᠦᠢᠯ︾ | ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠭᠦᠢᠴᠡᠳ | ᠣᠶᠢᠯᠠᠭᠠᠵᠤ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠶᠢᠨ | ᠲᠥᠯᠥᠭᠡ᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ | ︵ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ︹ 2012︺ 2492 ᠳ᠋ᠤᠭᠠᠷ ᠲᠣᠭᠠᠲᠤ︶ ᠪᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠦᠢᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠤᠳᠤᠷᠢᠳᠬᠤ | ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠬᠤ ᠮᠡᠳᠡᠭᠳᠡᠯ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ | ᠳᠥᠷᠪᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠤᠬᠠᠢ ᠮᠡᠳᠡᠭᠳᠡᠯ ︵ᠥᠪᠥᠷ ᠲᠣᠭᠲᠠᠭᠤᠨ | ᠲᠠᠷᠬᠠᠭᠠᠭᠰᠠᠨ﹇2016﹈ 1 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠬᠤ ᠲᠤᠬᠠᠢ ᠱᠠᠭᠠᠷᠳᠠᠯᠭ᠎ᠠ ᠶᠢ | ᠦᠨᠳᠦᠰᠦᠯᠡᠨ᠂ ᠡᠳᠦᠭᠡ ᠲᠣᠰ ᠲᠥᠷᠥᠯ ᠵᠦᠢᠯ ᠤᠨ ᠦᠨᠳᠦᠰᠦᠨ ᠪᠠᠶᠢᠳᠠᠯ ᠵᠢᠴᠢ ᠬᠤᠯᠪᠣᠭᠳᠠᠭᠰᠠᠨ ᠠᠭᠤᠯᠭ᠎ᠠ ᠶᠢ | ᠢᠯᠡ ᠨᠡᠶᠢᠲᠡᠯᠡᠬᠦ ᠶᠢᠨ ᠬᠠᠮᠲᠤ ᠣᠯᠠᠨ ᠲᠦᠮᠡᠨ ᠤ ᠰᠠᠨᠠᠯ ᠢ ᠬᠤᠷᠢᠶᠠᠪᠠ᠃ | | | | | ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ | | 1. ᠲᠥᠷᠥᠯ ᠵᠦᠢᠯ ᠤᠨ ᠨᠡᠷᠡᠶᠢᠳᠦᠯ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ ᠳᠠᠯᠠᠨ ᠬᠤᠶᠠᠳᠤᠭᠠᠷ ᠤᠳᠠᠭᠠᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ | ᠵᠦᠢᠯ | | 2. ᠲᠥᠷᠥᠯ ᠵᠦᠢᠯ ᠤᠨ ᠣᠷᠣᠨ ᠪᠠᠶᠢᠷᠢ᠄ ᠰᠢᠤᠸᠠᠢ ᠶᠤᠸᠠᠨ ᠵᠡᠭᠡᠯᠢ ᠶᠢᠨ ᠬᠤᠶᠢᠲᠤ ᠲᠠᠯ᠎ᠠ ᠶᠢᠨ ᠬᠡᠰᠡᠭ᠂ | ᠠᠵᠠᠲᠠᠢ ᠵᠠᠮ ᠤᠨ ᠪᠠᠷᠠᠭᠤᠨ ᠲᠠᠯ᠎ᠠ ᠶᠢᠨ ᠬᠡᠰᠡᠭ᠃ | | 3. ᠭᠠᠵᠠᠷ ᠬᠡᠷᠡᠭᠯᠡᠭᠰᠡᠨ ᠲᠠᠯᠠᠪᠠᠢ᠄ 1.2565 ᠾᠧᠺᠲ᠋ᠠᠷ | | 4. ᠭᠠᠵᠠᠷ ᠬᠡᠷᠡᠭᠯᠡᠬᠦ ᠰᠢᠨᠵᠢ ᠴᠢᠨᠠᠷ᠄ ᠲᠠᠶᠢᠯᠠᠯᠭ᠎ᠠ ᠶᠢᠨ ᠪᠠᠶᠢᠰᠢᠩ ᠲᠣᠰᠬᠤᠨ ᠤ ᠬᠠᠮᠲᠤ ᠶᠢᠨ ᠭᠠᠵᠠᠷ ᠰᠢᠷᠣᠢ | | | | | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ | | | 1. ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠪᠠᠶᠢᠭ᠎ᠠ ᠵᠦᠢᠯᠡᠰ ᠲᠤ ᠣᠪᠣᠷ᠃ | | 2. ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠪᠠᠶᠢᠭ᠎ᠠ ᠵᠦᠢᠯᠡᠰ ᠨᠢ ᠶᠠᠮᠠᠷ ᠶᠠᠮᠠᠷ ᠨᠡᠶᠢᠭᠡᠮ ᠤᠨ | ᠲᠣᠭᠲᠠᠭᠤᠨ ᠤ ᠠᠶᠤᠯ ᠲᠦᠭᠰᠢᠭᠦᠷᠢ ᠡᠭᠦᠰᠬᠦ ᠪᠣᠯᠣᠯᠴᠠᠭ᠎ᠠ︔ | | 3. ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠪᠠᠶᠢᠭ᠎ᠠ ᠵᠦᠢᠯᠡᠰ ᠤᠨ ᠲᠤᠬᠠᠢ ᠪᠤᠰᠤᠳ ᠰᠠᠨᠠᠯ ᠪᠠ | ᠰᠠᠨᠠᠭᠤᠯᠭ᠎ᠠ᠃ | | | | ᠭᠤᠷᠪᠠ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ᠂ ᠠᠷᠭ᠎ᠠ ᠮᠠᠶ᠋ᠢᠭ ᠵᠢᠴᠢ | ᠬᠤᠭᠤᠴᠠᠭ᠎ᠠ ᠬᠢᠵᠠᠭᠠᠷ | | 1᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ | | ᠦᠨᠡᠯᠡᠨ ᠵᠢᠱᠢᠬᠦ ᠭᠤᠣᠯ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ | | ᠬᠠᠷᠢᠯᠴᠠᠬᠤ ᠬᠥᠮᠥᠨ᠄ ᠪᠢᠲᠡᠭᠦᠨ ᠤ ᠡᠷᠬᠢᠯᠡᠭᠴᠢ ᠶᠢᠨ ᠬᠠᠷᠢᠯᠴᠠᠬᠤ ᠤᠲᠠᠰᠤ᠄ 0471 - 6900156 | | ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ | ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠲᠣᠭᠠᠲᠤ | | ᠦᠨᠡᠯᠡᠬᠦ ᠨᠢᠭᠡᠴᠡ᠄ ᠥᠪᠥᠷ ᠮᠣᠩᠭᠤᠯ ᠤᠨ ᠺᠧ ᠷᠦᠢ ᠭᠡᠷ ᠪᠠᠶᠢᠰᠢᠩ ᠭᠠᠵᠠᠷ ᠬᠥᠷᠥᠩᠭᠡ ᠶᠢᠨ ᠭᠠᠵᠠᠷ | ᠰᠢᠷᠣᠢ ᠶᠢᠨ ᠬᠥᠷᠥᠩᠭᠡ ᠶᠢᠨ ᠦᠨᠡᠯᠡᠨ ᠵᠢᠱᠢᠬᠦ ᠬᠢᠵᠠᠭᠠᠷᠲᠤ ᠺᠣᠮᠫᠠᠨᠢ | | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ | ᠲᠣᠭᠤᠷᠢᠭ ᠤᠨ ᠳ᠋ᠢᠩ ᠰᠢᠶᠠᠩ ᠵᠠᠮ ᠤᠨ 10 ᠳ᠋ᠤᠭᠠᠷ ᠲᠣᠭᠠᠲᠤ | | ᠬᠠᠷᠢᠯᠴᠠᠬᠤ ᠬᠥᠮᠥᠨ᠄ ᠰᠦᠨ ᠳᠠᠭᠠᠭᠠᠮᠠᠯ | | ᠬᠠᠷᠢᠯᠴᠠᠬᠤ ᠤᠲᠠᠰᠤ᠄ 0471 - 4663576 | | | 2᠂ ᠣᠯᠠᠨ ᠳᠣᠶᠢᠮᠠᠨ ᠤ ᠰᠠᠨᠠᠯ ᠰᠠᠨᠠᠭᠤᠯᠭ᠎ᠠ ᠶᠢ ᠲᠤᠰᠬᠠᠬᠤ ᠬᠡᠯᠪᠠᠷᠢ | | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠨᠡᠶᠢᠲᠡ ᠪᠠᠷ ᠢᠶᠠᠨ ᠪᠢᠴᠢᠭ ᠤᠨ ᠰᠠᠨᠠᠯ ᠪᠠ ᠳ᠋ᠢᠶᠠᠩᠬᠤᠸᠠ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠪᠠᠶᠢᠭ᠎ᠠ ᠵᠦᠢᠯᠡᠰ ᠤᠨ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ᠂ ᠰᠠᠨᠠᠭᠤᠯᠭ᠎ᠠ ᠵᠢᠴᠢ ᠬᠠᠮᠢᠶ᠎ᠠ ᠪᠦᠬᠦᠢ ᠬᠦᠰᠡᠯ | ᠱᠠᠭᠠᠷᠳᠠᠯᠭ᠎ᠠ ᠪᠠᠨ ᠨᠡᠶᠢᠲᠡᠯᠡᠵᠦ ᠪᠣᠯᠣᠨ᠎ᠠ᠃ | | 3᠂ ᠣᠯᠠᠨ ᠳᠣᠶᠢᠮᠠᠨ ᠤ ᠰᠠᠨᠠᠯ ᠰᠠᠨᠠᠭᠤᠯᠭ᠎ᠠ ᠶᠢ ᠲᠤᠰᠬᠠᠬᠤ ᠬᠤᠭᠤᠴᠠᠭ᠎ᠠ ᠶᠢ ᠬᠤᠷᠢᠶᠠᠵᠤ ᠪᠠᠶᠢᠨ᠎ᠠ | | 2024 ᠣᠨ ᠤ 5 ᠰᠠᠷ᠎ᠠ ᠶᠢᠨ 22 ᠤᠨ ᠡᠳᠦᠷ ᠠᠴᠠ 2024 ᠣᠨ ᠤ 5 ᠰᠠᠷ᠎ᠠ ᠶᠢᠨ 30 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ | | 2024 ᠣᠨ ᠤ 5 ᠰᠠᠷ᠎ᠠ ᠶᠢᠨ 22 ᠤᠨ ᠡᠳᠦᠷ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |