ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ
ᠨᠡᠶᠢᠲᠡᠯᠡᠭᠰᠡᠨ ᠴᠠᠭ᠄
2024/5/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠬᠤᠷᠢᠶ᠎ᠠ 2024 ᠣᠨ ᠤ 5 ᠰᠠᠷ᠎ᠠ ᠶᠢᠨ 21 ᠤ ᠡᠳᠦᠷ ᠤᠨ 09 ᠴᠠᠭ 20 ᠮᠢᠨᠦ᠋ᠲ ᠲᠤ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄      24 ᠴᠠᠭ ᠤᠨ ᠳᠣᠲᠣᠷ᠎ᠠ ᠠᠯᠠᠱᠠ ᠠᠶᠢᠮᠠᠭ ᠤᠨ ᠪᠠᠷᠠᠭᠤᠨ ᠪᠡᠶ᠎ᠡ ᠪᠠ ᠡᠮᠦᠨ᠎ᠡ ᠪᠡᠶ᠎ᠡ᠂ ᠪᠠᠶᠠᠨᠨᠠᠭᠤᠷ ᠬᠤᠲᠠ ᠶᠢᠨ ᠵᠡᠭᠦᠨ ᠬᠤᠶᠢᠲᠤ ᠪᠡᠶ᠎ᠡ᠂ ᠣᠷᠳᠣᠰ ᠬᠤᠲᠠ ᠶᠢᠨ ᠬᠤᠶᠢᠲᠤ ᠪᠡᠶ᠎ᠡ᠂ ᠪᠤᠭᠤᠲᠤ ᠬᠤᠲᠠ ᠶᠢᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠪᠠᠷᠠᠭᠤᠨ ᠪᠡᠶ᠎ᠡ ᠪᠠ ᠡᠮᠦᠨ᠎ᠡ ᠪᠡᠶ᠎ᠡ᠂ ᠲᠦᠩᠯᠢᠶᠣᠣ ᠬᠤᠲᠠ ᠶᠢᠨ ᠡᠮᠦᠨ᠎ᠡ ᠪᠡᠶ᠎ᠡ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠪᠡᠶ᠎ᠡ᠂ ᠬᠥᠯᠥᠨ ᠪᠤᠶᠢᠷ ᠬᠤᠲᠠ ᠶᠢᠨ ᠪᠠᠷᠠᠭᠤᠨ ᠪᠡᠶ᠎ᠡ ᠶᠡᠭᠡ ᠰᠠᠯᠬᠢᠨ ᠤ ᠨᠥᠯᠥᠭᠡ ᠶᠢ ᠬᠦᠷᠲᠡᠵᠦ ᠮᠡᠳᠡᠨ᠎ᠡ᠂ ᠳᠤᠮᠳᠠᠴᠢ ᠰᠠᠯᠬᠢᠨ ᠤ ᠬᠦᠴᠦ ᠨᠢ 6 ᠲᠠᠰ ᠠᠴᠠ ᠳᠡᠭᠡᠭᠰᠢ ᠪᠤᠶᠤ ᠬᠡᠰᠡᠭ ᠲᠡᠭᠡᠨ 7 ᠲᠠᠰ ᠠᠴᠠ ᠳᠡᠭᠡᠭᠰᠢ ᠪᠠᠶᠢᠵᠤ᠂ ᠠᠯᠠᠱᠠ ᠠᠶᠢᠮᠠᠭ ᠤᠨ ᠡᠮᠦᠨ᠎ᠡ ᠪᠡᠶ᠎ᠡ ᠳᠤ ᠡᠯᠡᠰᠦᠨ ᠰᠢᠭᠤᠷᠭ᠎ᠠ ᠲᠠᠢ ᠴᠠᠭ ᠠᠭᠤᠷ ᠳᠠᠭᠠᠯᠳᠤᠨ᠎ᠠ᠃ ᠬᠠᠮᠢᠶ᠎ᠠ ᠪᠦᠬᠦᠢ ᠪᠠᠶᠢᠭᠤᠯᠭ᠎ᠠ ᠪᠠ ᠠᠵᠢᠯᠲᠠᠨ ᠰᠡᠷᠭᠡᠶᠢᠯᠡᠬᠦ ᠪᠡᠯᠡᠳᠬᠡᠯ ᠬᠢᠭᠡᠷᠡᠢ᠃ᠰᠡᠷᠭᠡᠶᠢᠯᠡᠯᠲᠡ ᠶᠢᠨ ᠰᠠᠨᠠᠭᠤᠯᠤᠮᠵᠢ᠄      1. ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠢᠶᠠᠨ ᠶᠡᠭᠡ ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠭᠡᠷᠡᠢ︔      2. ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠪᠲᠠᠰᠤ᠂ ᠫᠧᠩ ᠰᠠᠷᠠᠪᠴᠢ᠂ ᠵᠠᠷ ᠮᠡᠳᠡᠭᠡ ᠶᠢᠨ ᠫᠠᠶᠢᠰᠠ ᠵᠡᠷᠭᠡ ᠰᠠᠯᠬᠢᠨ ᠳᠤ ᠭᠢᠯᠪᠠᠷᠬᠠᠨ ᠦᠯᠢᠶᠡᠭᠳᠡᠬᠦ ᠵᠦᠢᠯᠡᠰ ᠢ ᠪᠠᠬᠢᠵᠢᠭᠦᠯᠵᠦ᠂ ᠶᠡᠭᠡ ᠰᠠᠯᠬᠢᠨ ᠳᠤ ᠠᠮᠠᠷᠬᠠᠨ ᠨᠥᠯᠥᠭᠡᠯᠡᠭᠳᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠥᠪᠬᠢᠨᠡᠭᠦᠯᠵᠦ᠂ ᠪᠠᠷᠢᠯᠭ᠎ᠠ ᠶᠢᠨ ᠡᠳ᠋ ᠪᠠᠷᠠᠭ᠎ᠠ ᠶᠢ ᠬᠠᠯᠬᠠᠯᠠᠬᠤ ᠬᠡᠷᠡᠭᠲᠡᠢ︔      3. ᠶᠠᠪᠠᠭᠠᠨ ᠬᠥᠮᠥᠨ ᠳᠤᠭᠤᠢ ᠲᠡᠷᠭᠡ ᠶᠢ ᠠᠯᠢ ᠴᠢᠳᠠᠬᠤ ᠪᠠᠷ ᠳᠤᠲᠠᠭᠤ ᠤᠨᠤᠵᠤ᠂ ᠰᠠᠯᠬᠢ ᠬᠥᠳᠡᠯᠬᠦ ᠦᠶ᠎ᠡ ᠳᠤ ᠵᠠᠷ ᠤᠨ ᠫᠠᠶᠢᠰᠠ᠂ ᠲᠦᠷ ᠴᠠᠭ ᠪᠣᠰᠬᠠᠭᠰᠠᠨ ᠶᠠᠭᠤᠮ᠎ᠠ ᠵᠡᠷᠭᠡ ᠶᠢᠨ ᠳᠣᠣᠷ᠎ᠠ ᠳᠠᠯᠳᠠᠯᠠᠵᠤ ᠪᠤᠯᠬᠤ ᠦᠭᠡᠢ︔      4. ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠭ᠎ᠠ ᠨᠢᠭᠡᠴᠢ ᠣᠶ ᠰᠢᠭᠤᠢ᠂ ᠨᠤᠲᠤᠭ ᠪᠡᠯᠴᠢᠭᠡᠷ ᠵᠡᠷᠭᠡ ᠶᠢᠨ ᠭᠠᠯ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃      ᠢᠷᠡᠯᠲᠡ᠄ ᠥᠪᠥᠷ ᠮᠣᠩᠭᠤᠯ ᠤᠨ ᠴᠠᠭ ᠠᠭᠤᠷ ᠵᠢᠷᠭᠢᠶ᠎ᠡ ᠶᠢᠨ ᠲᠠᠪᠴᠠᠩ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号