| | ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 21 ᠤ ᠡᠳᠦᠷ ᠮᠡᠳᠡᠭᠳᠡᠯ ᠨᠡᠶᠢᠲᠡᠯᠡᠵᠦ᠂ 2024 | ᠣᠨ ᠠᠴᠠ ᠡᠬᠢᠯᠡᠨ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ | ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢ ᠪᠦᠭᠦ ᠤᠯᠤᠰ ᠲᠤ ᠪᠦᠭᠦ ᠲᠠᠯ᠎ᠠ ᠪᠠᠷ ᠬᠡᠷᠡᠭᠵᠢᠭᠦᠯᠦᠨ᠎ᠡ ᠭᠡᠪᠡ᠃ | | | ᠮᠡᠳᠡᠭᠳᠡᠯ ᠢ ᠦᠨᠳᠦᠰᠦᠯᠡᠪᠡᠯ᠂ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠣᠯ ᠳᠠᠭᠠᠳᠬᠠᠯ ᠤᠨ | ᠵᠣᠭᠤᠰ ᠤᠨ ᠲᠤᠭ᠎ᠠ ᠨᠢ ᠪᠣᠳᠠᠰᠵᠢᠭᠰᠠᠨ ᠥᠪᠡᠷ ᠤᠨ ᠥᠷᠲᠡᠭ᠂ ᠭᠠᠵᠠᠷ ᠰᠢᠷᠣᠢ ᠶᠢᠨ ᠥᠪᠡᠷ ᠤᠨ ᠥᠷᠲᠡᠭ ᠪᠠ | ᠬᠥᠮᠥᠨ ᠤ ᠬᠦᠴᠦᠨ ᠤ ᠥᠪᠡᠷ ᠤᠨ ᠥᠷᠲᠡᠭ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠶᠡᠷᠦᠩᠬᠡᠢ ᠥᠪᠡᠷ ᠤᠨ | ᠥᠷᠲᠡᠭ ᠢ ᠬᠠᠮᠤᠷᠤᠭᠰᠠᠨ ᠲᠠᠷᠢᠶᠠᠯᠠᠩ ᠤᠨ ᠳᠠᠭᠠᠳᠬᠠᠯ ᠪᠤᠯᠤᠨ᠎ᠠ; ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠪᠣᠯ | ᠳᠠᠭᠠᠳᠬᠠᠯ ᠤᠨ ᠵᠣᠭᠤᠰ ᠤᠨ ᠲᠤᠭ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠪᠣᠯᠣᠨ ᠤᠨᠠᠯᠲᠠ ᠶᠢ | ᠢᠯᠡᠷᠡᠭᠦᠯᠵᠦ᠂ ᠪᠠᠲᠤᠯᠠᠭ᠎ᠠ ᠶᠢᠨ ᠬᠡᠮᠵᠢᠶ᠎ᠡ ᠨᠢ ᠬᠠᠮᠢᠶ᠎ᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ | ᠣᠷᠣᠯᠭ᠎ᠠ ᠶᠢ ᠬᠠᠮᠤᠷᠤᠭᠰᠠᠨ ᠲᠠᠷᠢᠶᠠᠯᠠᠩ ᠤᠨ ᠳᠠᠭᠠᠳᠬᠠᠯ ᠪᠣᠯᠣᠨ᠎ᠠ᠃ ᠳᠠᠭᠠᠳᠬᠠᠯ ᠤᠨ ᠪᠠᠲᠤᠯᠠᠭ᠎ᠠ ᠶᠢᠨ | ᠡᠲᠡᠭᠡᠳ ᠲᠤ ᠵᠣᠬᠢᠬᠤ ᠬᠡᠪᠴᠢᠶᠡᠲᠦ ᠡᠵᠡᠩᠨᠡᠯᠲᠡ ᠶᠢᠨ ᠲᠠᠷᠢᠶᠠᠴᠢᠨ ᠡᠷᠦᠭᠡ᠂ ᠵᠢᠵᠢᠭ ᠲᠠᠷᠢᠶᠠᠴᠢᠨ ᠡᠷᠦᠭᠡ ᠵᠡᠷᠭᠡ | ᠪᠦᠭᠦ ᠲᠠᠷᠢᠶᠠᠴᠢᠨ ᠡᠷᠦᠭᠡ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ | ᠪᠠᠭᠲᠠᠨ᠎ᠠ᠃ | | | ᠨᠥᠬᠦᠪᠦᠷᠢ ᠥᠭᠬᠦ ᠲᠥᠰᠥᠯ ᠤᠨ ᠲᠠᠯ᠎ᠠ ᠪᠠᠷ᠂ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ | ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠵᠠᠷᠤᠳᠠᠯ ᠳᠤ ᠨᠥᠬᠦᠪᠦᠷᠢ | ᠥᠭᠬᠦ ᠬᠠᠷᠢᠴᠠᠯ ᠢ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠳᠠᠭᠠᠳᠬᠠᠯ ᠤᠨ ᠵᠠᠷᠤᠳᠠᠯ ᠤᠨ 25% ᠠᠴᠠ | ᠳᠣᠣᠷ᠎ᠠ ᠪᠠᠶᠢᠯᠭᠠᠬᠤ ᠦᠭᠡᠢ ᠰᠠᠭᠤᠷᠢᠨ ᠳᠡᠭᠡᠷ᠎ᠡ᠂ ᠲᠥᠪ ᠤᠨ ᠡᠳ᠋ ᠤᠨ ᠵᠠᠰᠠᠭ ᠠᠴᠠ ᠳᠤᠮᠳᠠ ᠬᠡᠰᠡᠭ ᠪᠠᠷᠠᠭᠤᠨ | ᠬᠡᠰᠡᠭ ᠤᠨ ᠭᠠᠵᠠᠷ ᠣᠷᠣᠨ ᠪᠠ ᠵᠡᠭᠦᠨ ᠬᠤᠶᠢᠲᠤ ᠣᠷᠣᠨ ᠳᠤ 45% ᠶᠢᠨ ᠨᠥᠬᠦᠪᠦᠷᠢ ᠥᠭᠴᠦ᠂ ᠵᠡᠭᠦᠨ | ᠬᠡᠰᠡᠭ ᠤᠨ ᠭᠠᠵᠠᠷ ᠣᠷᠣᠨ ᠳᠤ 35% ᠶᠢᠨ ᠨᠥᠬᠦᠪᠦᠷᠢ ᠥᠭᠭᠦᠨ᠎ᠡ᠃ ᠬᠠᠮᠢᠶ᠎ᠠ ᠪᠦᠬᠦᠢ ᠲᠥᠪ ᠤᠨ ᠨᠢᠭᠡᠴᠢ | ᠳᠠᠭᠠᠳᠬᠠᠯ ᠤᠨ ᠵᠠᠷᠤᠳᠠᠯ ᠢ 10% ᠠᠴᠠ ᠳᠣᠣᠷ᠎ᠠ ᠦᠭᠡᠢ ᠪᠠᠶᠢᠬᠤ ᠡᠭᠦᠷᠭᠡ ᠶᠢ ᠡᠭᠦᠷᠭᠡᠯᠡᠭᠰᠡᠨ ᠰᠠᠭᠤᠷᠢᠨ ᠳᠡᠭᠡᠷ᠎ᠡ᠂ | ᠲᠥᠪ ᠤᠨ ᠡᠳ᠋ ᠤᠨ ᠵᠠᠰᠠᠭ ᠠᠴᠠ ᠬᠠᠮᠢᠶ᠎ᠠ ᠪᠦᠬᠦᠢ ᠲᠥᠪ ᠤᠨ ᠨᠢᠭᠡᠴᠢ ᠶᠢᠨ ᠳᠠᠭᠠᠳᠬᠠᠯ ᠤᠨ ᠵᠠᠷᠤᠳᠠᠯ ᠳᠤ | ᠨᠥᠬᠦᠪᠦᠷᠢ ᠥᠭᠬᠦ ᠳᠤ ᠲᠠᠷᠢᠮᠠᠯ ᠤᠨ ᠲᠤᠬᠠᠶᠢᠯᠠᠭᠰᠠᠨ ᠠᠵᠢᠯ ᠤᠨ ᠪᠠᠶᠢᠭ᠎ᠠ ᠭᠠᠵᠠᠷ ᠤᠨ ᠨᠥᠬᠦᠪᠦᠷᠢ ᠶᠢᠨ ᠬᠠᠷᠢᠴᠠᠯ | ᠶᠣᠰᠣᠭᠠᠷ ᠬᠡᠷᠡᠭᠵᠢᠭᠦᠯᠦᠨ᠎ᠡ᠃ | | | (ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 21 ᠤ ᠴᠠᠭᠢᠯᠭᠠᠨ ᠮᠡᠳᠡᠭᠡ) |