400 ᠭᠠᠷᠤᠢ ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/24
      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠬᠢᠩᠭᠠᠨ ᠠᠶᠢᠮᠠᠭ ᠤᠨ ᠵᠠᠬᠢᠷᠭ᠎ᠠ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ︽5·19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠶᠢᠨ ᠠᠵᠢᠯᠯᠠᠭ᠎ᠠ 19 ᠤ ᠡᠳᠦᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ᠃      ᠡᠨᠡ ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠪᠦᠭᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ 1502 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠤᠨ ᠶᠡᠷᠦᠩᠬᠡᠢ ᠵᠠᠷᠤᠳᠠᠯ 106 ᠳ᠋ᠦᠩᠰᠢᠭᠤᠷ ᠲᠥᠭᠦᠷᠢᠭ ᠬᠦᠷᠴᠦ᠂ ᠤᠯᠠᠨ ᠭᠠᠵᠠᠷ ᠤᠨ ᠦᠵᠡᠮᠵᠢ ᠶᠢᠨ ᠣᠷᠣᠨ ᠤ ᠬᠢᠨ ᠭᠥᠯᠢᠶᠡᠨ ᠠᠪᠤᠭᠰᠠᠨ ᠬᠥᠮᠥᠨ ᠤ ᠲᠤᠭ᠎ᠠ ᠶᠢᠨ ᠰᠢᠨ᠎ᠡ ᠲᠡᠮᠳᠡᠭᠯᠡᠯ ᠢ ᠡᠭᠦᠳᠴᠡᠢ᠃ ᠮᠠᠨ ᠤ ᠣᠷᠣᠨ︽5·19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ ᠵᠢᠭᠤᠯᠴᠢᠯᠠᠬᠰᠠᠳ ᠢ ᠲᠠᠲᠠᠵᠤ ᠠᠪᠴᠢᠷᠠᠬᠤ ᠱᠠᠩᠨᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠨᠡᠶᠢᠲᠡᠯᠡᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠰᠠᠨᠠᠭᠠᠴᠢᠯᠠᠵᠤ᠂ ᠰᠣᠳᠣᠨ ᠵᠠᠮ ᠱᠤᠭᠤᠮ ᠢ ᠭᠠᠷᠭᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ᠂ ᠪᠦᠭᠦ ᠣᠷᠣᠨ ᠤ ᠵᠤᠨ ᠤ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ᠂ ᠵᠠᠮ ᠱᠤᠭᠤᠮ ᠪᠣᠯᠣᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠠᠷᠢᠮᠵᠢᠶ᠎ᠠ ᠶᠢ ᠨᠡᠶᠢᠲᠡᠯᠡᠵᠦ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠤᠳᠠᠯᠳᠤᠭᠠᠴᠢᠨ ᠢ ᠰᠢᠯᠢᠨ ᠰᠣᠩᠭᠤᠵᠤ᠂ ᠭᠤᠷᠪᠠᠳᠤᠭᠠᠷ ᠪᠦᠯᠦᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ᠂ ᠰᠣᠳᠣᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠢᠴᠢᠶᠡᠯ ᠪᠣᠯᠣᠨ ᠵᠠᠮ ᠱᠤᠭᠤᠮ ᠢ ᠰᠣᠩᠭᠤᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠰᠠᠨᠠᠭᠠᠴᠢᠯᠠᠭ᠎ᠠ ᠭᠠᠷᠭᠠᠭᠰᠠᠨ ᠪᠠᠶᠢᠨ᠎ᠠ᠃      ᠡᠨᠡ ᠵᠢᠯ ᠤᠨ 5 ᠰᠠᠷ᠎ᠠ ᠳᠤ᠂ ᠮᠠᠨ ᠤ ᠣᠷᠣᠨ ᠤ ᠡᠯ᠎ᠡ ᠭᠠᠵᠠᠷ ᠤᠨ ᠬᠢᠨ ︽ᠳᠤᠮᠳᠠᠳᠤ ᠤᠯᠤᠰ ᠢᠶᠠᠷ ᠵᠢᠭᠤᠯᠴᠢᠯᠠᠨ ᠤᠮᠠᠷᠠᠲᠤ ᠬᠢᠯᠢ ᠶᠢᠨ ᠵᠣᠯ ᠵᠢᠷᠭᠠᠯᠲᠤ ᠠᠮᠢᠳᠤᠷᠠᠯ ᠢ ᠰᠣᠨᠢᠷᠬᠠᠶ᠎ᠠ︾ᠭᠡᠬᠦ ᠭᠤᠣᠯ ᠰᠡᠳᠦᠪ ᠤᠨ ᠲᠣᠭᠤᠷᠢᠨ ᠳᠤ᠂ ᠬᠡᠭᠡᠷ᠎ᠡ ᠪᠠᠭᠤᠳᠠᠯᠯᠠᠬᠤ᠂ ᠳᠠᠭᠤᠤ ᠬᠥᠭᠵᠢᠮ ᠤᠨ ᠦᠳᠡᠰᠢᠯᠡᠭᠡ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠯ᠎ᠡ ᠵᠦᠢᠯ ᠤᠨ ᠠᠵᠢᠯᠯᠠᠭ᠎ᠠ ᠶᠢ 400 ᠭᠠᠷᠤᠢ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠺᠠᠷᠲ ᠲᠠᠷᠬᠠᠭᠠᠬᠤ᠂ ᠦᠵᠡᠮᠵᠢ ᠶᠢᠨ ᠣᠷᠣᠨ ᠤ ᠬᠤᠨᠤᠭ ᠤᠨ ᠰᠦᠢᠳᠬᠡᠯ ᠢ ᠬᠠᠰᠤᠵᠤ ᠬᠡᠯᠲᠦᠷᠢᠭᠦᠯᠬᠦ᠂ ᠦᠨ᠎ᠡ ᠪᠠᠭᠤᠷᠠᠭᠤᠯᠬᠤ ᠵᠡᠷᠭᠡ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ 120 ᠭᠠᠷᠤᠢ ᠬᠡᠷᠡᠭᠵᠢᠭᠦᠯᠵᠦ᠂ 5 ᠰᠠᠷ᠎ᠠ ᠶᠢᠨ 19 ᠤ ᠡᠳᠦᠷ ᠠᠴᠠ ᠡᠮᠦᠨ᠎ᠡ ᠪᠦᠭᠦ ᠣᠷᠣᠨ ᠤ 100 ᠭᠠᠷᠤᠢ ᠦᠵᠡᠮᠵᠢ ᠶᠢᠨ ᠣᠷᠣᠨ ᠳᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠬᠡᠷᠡᠭᠵᠢᠭᠦᠯᠪᠡ᠃      ︵ᠢᠷᠡᠯᠲᠡ᠄ ᠰᠢᠨᠬᠤᠸᠠ ᠰᠦᠯᠵᠢᠶ᠎ᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号