ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠄ ᠲᠣᠭᠠᠴᠢᠯᠠᠭᠰᠠᠨ ᠬᠠᠤᠯᠢ ᠴᠠᠭᠠᠵᠠ ᠶᠢᠨ ᠠᠭᠤᠯᠵᠠᠭᠤᠷ ᠢ ᠤᠷᠲᠤᠳᠬᠠᠵᠤ ᠣᠶᠤᠨᠴᠢ ᠲᠠᠪᠴᠠᠩ ᠢ ᠬᠡᠷᠡᠭᠯᠡᠨ ᠶᠠᠰᠤ ᠴᠢᠨᠠᠷ ᠦᠷ᠎ᠡ ᠪᠦᠲᠦᠮᠵᠢ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/5/27
     ︽ᠲᠠᠪᠴᠠᠩ ᠢ ᠬᠡᠷᠡᠭᠯᠡᠭᠰᠡᠨ ᠠᠴᠠ ᠨᠠᠰᠢ᠂ ᠬᠡᠷᠡᠭ ᠪᠣᠯᠭᠠᠨ ᠳᠠᠩᠰᠠᠯᠠᠬᠤ᠂ ᠰᠢᠭᠦᠨ ᠰᠢᠢᠳᠪᠦᠷᠢᠯᠡᠬᠦ᠂ ᠬᠦᠷᠭᠡᠬᠦ ᠡᠯ᠎ᠡ ᠱᠠᠲᠤ ᠦᠶ᠎ᠡ ᠳᠤ ᠰᠢᠭᠦᠬᠦ ᠬᠤᠷᠢᠶᠠᠨ ᠤ ᠠᠵᠢᠯ ᠤᠨ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠵᠤ᠂ ᠬᠤᠯᠪᠣᠭᠳᠠᠯ ᠪᠦᠬᠦᠢ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ ᠪᠡᠶᠡᠯᠡᠭᠦᠯᠬᠦ ᠬᠡᠮᠵᠢᠶ᠎ᠡ ᠶᠢ 90% ᠠᠴᠠ ᠳᠡᠭᠡᠭᠰᠢ ᠳᠤ ᠬᠦᠷᠦᠭᠦᠯᠬᠦ ᠪᠠᠷ ᠪᠠᠷᠠᠬᠤ ᠦᠭᠡᠢ᠂ ᠬᠡᠷᠡᠭ ᠰᠢᠢᠳᠪᠦᠷᠢᠯᠡᠬᠦ ᠳᠤᠮᠳᠠᠴᠢ ᠴᠠᠭ ᠢ 22 ᠡᠳᠦᠷ ᠪᠣᠭᠤᠨᠢᠰᠬᠠᠵᠤ᠂ ᠥᠩᠭᠡᠷᠡᠭᠰᠡᠨ ᠤ ᠬᠠᠭᠠᠰ ᠪᠣᠯᠣᠨ᠎ᠠ᠃ ︽ᠪᠢᠳᠡ ᠡᠨᠡ ᠤᠳᠠᠭ᠎ᠠ ᠰᠠᠨᠠᠭᠠᠴᠢᠯᠠᠭ᠎ᠠ ᠠᠴᠠ ᠪᠠᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠲᠠᠯ᠎ᠠ ᠶᠢ ᠦᠨᠡᠨ ᠬᠦ ᠣᠶᠢᠯᠠᠭᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠣᠷᠣᠯᠠᠭᠴᠢ ᠶᠢᠨ ᠲᠠᠯ᠎ᠠ ᠳᠤ ᠬᠦᠷᠲᠡᠯ᠎ᠡ ᠳᠡᠯᠭᠡᠷᠡᠭᠦᠯᠵᠦ᠂ ᠬᠠᠷᠢᠭᠤ ᠲᠤᠰᠬᠠᠯ ᠨᠢ ᠬᠡᠷᠡᠭᠯᠡᠭᠴᠢᠳ ᠤᠨ ᠲᠠᠭᠠᠯᠠᠮᠵᠢᠲᠠᠢ ᠪᠠᠶᠢᠬᠤ ᠶᠢ ᠪᠡᠶᠡᠴᠢᠯᠡᠨ ᠣᠶᠢᠯᠠᠭᠠᠬᠤ᠂ ᠬᠡᠷᠡᠭᠯᠡᠭᠡᠨ ᠤ ᠦᠷ᠎ᠡ ᠪᠦᠲᠦᠮᠵᠢ ᠨᠢ ᠢᠯᠡᠷᠬᠡᠢ᠂ ᠵᠢᠩᠬᠢᠨᠢ ᠴᠠᠭ ᠪᠠ ᠬᠦᠴᠦᠨ ᠳᠤ ᠠᠷᠪᠢᠲᠠᠢ ᠶᠤᠮ︕︾ ᠭᠡᠵᠦ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠮᠥᠩᠭᠦᠨ ᠭᠦᠢᠯᠭᠡᠭᠡᠨ ᠤ ᠰᠢᠭᠦᠬᠦ ᠲᠢᠩᠬᠢᠮ ᠤᠨ ᠳᠠᠷᠤᠭ᠎ᠠ ᠯᠢ ᠯᠢ ᠫᠢᠩ ᠬᠡᠯᠡᠪᠡ᠃
      ᠯᠢ ᠯᠢ ᠫᠢᠩ ᠤᠨ ᠬᠡᠯᠡᠵᠦ ᠪᠠᠶᠢᠭ᠎ᠠ ᠲᠠᠪᠴᠠᠩ ᠪᠣᠯ 2023 ᠣᠨ ᠳᠤ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠲᠦᠷᠦᠭᠦᠯᠡᠨ ᠰᠤᠳᠤᠯᠤᠨ ᠨᠡᠭᠡᠭᠡᠭᠰᠡᠨ ︽ᠮᠥᠩᠭᠦᠨ ᠭᠦᠢᠯᠭᠡᠭᠡᠨ ᠤ ᠰᠢᠭᠦᠨ ᠲᠠᠰᠤᠯᠤᠯᠲᠠ ᠶᠢᠨ ᠨᠢᠭᠡ ᠴᠣᠭᠴᠠᠵᠢᠭᠰᠠᠨ ᠲᠠᠪᠴᠠᠩ︾ ᠪᠣᠯᠣᠨ᠎ᠠ᠂ ᠬᠡᠪ ᠵᠠᠭᠪᠤᠷ ᠤᠨ ᠣᠶᠤᠨᠴᠢ ᠪᠣᠶ ᠪᠣᠯᠬᠤ᠂ ᠪᠢᠴᠢᠭ ᠬᠠᠷ᠎ᠠ ᠶᠢᠨ ᠡᠯᠧᠮᠧᠨ᠋ᠲ ᠢ ᠠᠦ᠋ᠲ᠋ᠣ᠋ ᠢᠯᠭᠠᠨ ᠲᠠᠨᠢᠵᠤ ᠳᠦᠭᠦᠷᠬᠦ᠂ ᠵᠠᠷᠭᠤ ᠶᠢᠨ ᠵᠢᠷᠤᠮ ᠤᠨ ᠠᠵᠢᠯ ᠢ ᠪᠥᠭᠡᠮ ᠢᠶᠠᠷ ᠰᠢᠢᠳᠪᠦᠷᠢᠯᠡᠬᠦ᠂ ᠬᠠᠤᠯᠢ ᠴᠠᠭᠠᠵᠠ ᠶᠢᠨ ᠪᠢᠴᠢᠭ ᠬᠠᠷ᠎ᠠ ᠵᠡᠷᠭᠡ ᠣᠯᠠᠨ ᠡᠰᠢᠲᠦ ᠴᠢᠳᠠᠮᠵᠢ ᠶᠢ ᠪᠦᠷᠢᠯᠳᠦᠭᠦᠯᠦᠭᠰᠡᠨ ᠪᠠᠶᠢᠨ᠎ᠠ᠃ ᠬᠠᠤᠯᠢ ᠶᠢᠨ ᠲᠤᠰᠢᠶᠠᠯᠲᠠᠨ ᠢ ᠬᠠᠪᠰᠤᠷᠤᠨ ᠡᠪᠬᠡᠮᠡᠯ ᠮᠠᠲ᠋ᠧᠷᠢᠶᠠᠯ ᠢ ᠬᠢᠨᠠᠵᠤ ᠦᠵᠡᠬᠦ᠂ ᠮᠠᠷᠭᠤᠯᠳᠤᠭᠠᠨ ᠤ ᠡᠯᠧᠮᠨᠲ ᠬᠢᠭᠡᠳ᠋ ᠭᠡᠷᠡᠴᠢ ᠪᠠᠷᠢᠮᠲᠠ ᠶᠢ ᠡᠮᠬᠢᠯᠡᠬᠦ ᠪᠠ ᠲᠤᠭ᠎ᠠ ᠪᠠᠷᠢᠮᠲᠠ ᠶᠢ ᠲᠣᠭᠠᠴᠢᠭᠤᠯᠬᠤ ᠠᠵᠢᠯ ᠢ ᠥᠨᠳᠥᠷ ᠪᠦᠲᠦᠮᠵᠢᠲᠡᠢ ᠪᠠᠷ ᠪᠡᠶᠡᠯᠡᠭᠦᠯᠵᠦ᠂ ᠬᠠᠤᠯᠢ ᠶᠢᠨ ᠲᠤᠰᠢᠶᠠᠯᠲᠠᠨ ᠤ ᠣᠶᠤᠨ ᠴᠢᠳᠠᠯ ᠢᠶᠠᠨ ᠲᠥᠪᠯᠡᠷᠡᠭᠦᠯᠦᠨ ᠬᠠᠤᠯᠢ ᠴᠠᠭᠠᠵᠠ ᠶᠢᠨ ᠬᠡᠷᠡᠭᠯᠡᠯᠲᠡ ᠪᠠ ᠵᠥᠪ ᠣᠨᠤᠪᠴᠢᠲᠠᠢ ᠲᠠᠰᠤᠯᠤᠨ ᠲᠣᠭᠲᠠᠭᠠᠯᠲᠠ ᠳᠤ ᠲᠥᠪᠯᠡᠷᠡᠭᠦᠯᠵᠦ᠂ ᠰᠢᠭᠦᠨ ᠲᠠᠰᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠠᠪᠤᠳᠠᠯ ᠢ ᠪᠦᠲᠦᠮᠵᠢᠲᠡᠢ ᠠᠬᠢᠭᠤᠯᠵᠤ ᠴᠢᠳᠠᠬᠤ ᠮᠥᠷᠲᠡᠭᠡᠨ ᠲᠣᠭᠠᠴᠠᠯᠠᠭᠰᠠᠨ ᠦᠢᠯᠡᠴᠢᠯᠡᠭᠡ ᠶᠢ ᠵᠠᠷᠭᠤᠯᠳᠤᠬᠤ ᠠᠴᠠ ᠡᠮᠦᠨᠡᠬᠢ ᠱᠠᠲᠤᠨ ᠳᠤ ᠤᠷᠢᠳᠴᠢᠯᠠᠨ ᠬᠦᠷᠭᠡᠵᠦ ᠪᠣᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠣᠷᠣᠯᠠᠭᠴᠢ ᠴᠢᠨᠠᠭᠰᠢᠯᠠᠪᠠᠯ ᠪᠡᠶ᠎ᠡ ᠪᠠᠷ ᠢᠶᠠᠨ ᠰᠢᠭᠦᠬᠦ ᠬᠤᠷᠢᠶ᠎ᠠ ᠳᠤ ᠢᠷᠡᠬᠦ ᠬᠡᠷᠡᠭ ᠦᠭᠡᠢ᠂ ᠵᠥᠪᠬᠡᠨ ᠲᠠᠪᠴᠠᠩ ᠳᠤ ᠭᠠᠷᠴᠤ ᠵᠠᠷᠭᠤ ᠶᠢᠨ ᠬᠡᠷᠡᠭᠰᠡᠬᠦ ︽ᠴᠢᠬᠤᠯᠠ ᠡᠯᠧᠮᠧᠨ᠋ᠲ ᠤᠨ ᠬᠦᠰᠦᠨᠦᠭᠲᠦ︾ ᠶᠢ ᠲᠠᠭᠯᠠᠬᠤ ᠶᠢᠨ ᠬᠠᠮᠲᠤ ᠨᠤᠲᠠᠯᠠᠵᠤ᠂ ᠲᠠᠪᠴᠠᠩ ᠨᠢ ᠬᠡᠷᠡᠭ ᠪᠣᠯᠭᠠᠨ ᠳᠠᠩᠰᠠᠯᠠᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠬᠢᠨᠠᠨ ᠬᠠᠷᠭᠤᠭᠤᠯᠵᠤ᠂ ᠬᠡᠷᠡᠭ ᠪᠣᠯᠭᠠᠨ ᠳᠠᠩᠰᠠᠯᠠᠬᠤ ᠠᠵᠢᠯ ᠢ ᠪᠥᠭᠡᠮ ᠢᠶᠠᠷ ᠪᠡᠶᠡᠯᠡᠭᠦᠯᠬᠦ ᠪᠣᠯᠣᠨ᠎ᠠ᠃
      ᠣᠳᠣᠬᠠᠨ ᠳᠤ᠂ ︽ᠮᠥᠩᠭᠦᠨ ᠭᠦᠢᠯᠭᠡᠭᠡᠨ ᠤ ᠰᠢᠭᠦᠨ ᠲᠠᠰᠤᠯᠬᠤ ᠶᠢ ᠨᠢᠭᠡ ᠴᠣᠭᠴᠠᠵᠢᠭᠤᠯᠬᠤ ᠲᠠᠪᠴᠠᠩ︾ ᠨᠢᠭᠡᠨᠲᠡ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠭᠡᠷ᠎ᠡ ᠶᠢᠨ ᠵᠢᠭᠤᠷᠠᠯᠳᠤᠭᠠᠨ᠂ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠵᠢᠭᠤᠷᠠᠯᠳᠤᠭᠠᠨ᠂ ᠢᠲᠡᠭᠡᠮᠵᠢ ᠶᠢᠨ ᠺᠠᠷᠲ ᠤᠨ ᠵᠢᠭᠤᠷᠠᠯᠳᠤᠭᠠᠨ ᠵᠡᠷᠭᠡ ᠲᠥᠷᠥᠯ ᠬᠡᠯᠪᠡᠷᠢ ᠶᠢᠨ ᠬᠡᠷᠡᠭ ᠢ ᠲᠦᠮᠡᠨ ᠬᠤᠪᠢ ᠬᠠᠪᠰᠤᠷᠤᠨ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠰᠢᠭᠦᠬᠦ ᠲᠢᠩᠬᠢᠮ ᠴᠦ ᠬᠡᠷᠡᠭᠯᠡᠭᠡᠨ ᠤ ᠲᠠᠪᠴᠠᠩ ᠳᠡᠭᠡᠷ᠎ᠡ ᠨᠡᠩ ᠤᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠦᠷᠦᠯ ᠤᠨ ᠬᠡᠷᠡᠭ ᠤᠨ ᠵᠣᠬᠢᠶᠠᠮᠠᠯ ᠣᠶᠤᠨᠴᠢ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠲᠠᠪᠴᠠᠩ ᠤᠨ ᠰᠢᠭᠦᠨ ᠲᠠᠰᠤᠯᠤᠯᠲᠠ ᠶᠢᠨ ᠲᠤᠰᠠᠯᠠᠬᠤ ᠶᠠᠪᠤᠳᠠᠯ ᠢ ᠡᠷᠴᠢᠮᠵᠢᠭᠦᠯᠦᠭᠰᠡᠨ ᠬᠠᠮᠢᠶᠠᠷᠤᠯᠲᠠ᠂ ᠲᠤᠰᠠᠯᠠᠬᠤ ᠬᠦᠷᠢᠶᠡᠯᠡᠩ ᠤᠨ ᠳᠠᠷᠤᠭ᠎ᠠ ᠶᠢᠨ ᠬᠡᠷᠡᠭ ᠢ ᠬᠢᠨᠠᠨ ᠦᠵᠡᠬᠦ ᠵᠡᠷᠭᠡ ᠲᠠᠯ᠎ᠠ ᠶᠢᠨ ᠴᠢᠳᠠᠮᠵᠢ ᠶᠢ ᠨᠡᠭᠡᠭᠡᠨ ᠬᠥᠭᠵᠢᠭᠦᠯᠬᠦ ᠶᠢ ᠥᠷᠭᠡᠨ ᠢᠶᠠᠷ ᠲᠤᠷᠰᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠬᠠᠤᠯᠢ ᠴᠠᠭᠠᠵᠠ ᠶᠢᠨ ᠦᠢᠯᠡᠳᠦᠯᠭᠡ ᠳᠤ ᠦᠵᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠪᠦᠬᠦ ᠬᠡᠯᠬᠢᠶ᠎ᠡ ᠪᠠᠷ ᠲᠦᠯᠬᠢᠨ ᠠᠬᠢᠭᠤᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠥᠨᠳᠥᠷ ᠬᠢᠷᠢ ᠲᠦᠪᠰᠢᠨ ᠢᠶᠠᠷ ᠬᠡᠷᠡᠭᠯᠡᠨ ᠰᠢᠭᠦᠨ ᠲᠠᠰᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠨᠡᠩ ᠥᠨᠳᠥᠷ ᠬᠢᠷᠢ ᠲᠦᠪᠰᠢᠨ ᠪᠦᠬᠦᠢ ᠲᠣᠭᠠᠴᠢᠯᠠᠭᠰᠠᠨ ᠰᠢᠳᠤᠷᠭᠤ ᠶᠣᠰᠣ ᠶᠢ ᠪᠡᠶᠡᠯᠡᠭᠦᠯᠬᠦ ᠶᠢ ᠠᠬᠢᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号