31445 ᠬᠥᠮᠥᠨ ᠭᠦᠭᠡᠬᠤᠲᠠ ᠶᠢᠨ ᠡᠳᠡᠭᠡᠷ ᠰᠢᠯᠭᠠᠯᠲᠠ ᠶᠢᠨ ᠴᠡᠭ ᠲᠤ ᠰᠢᠯᠭᠠᠨ᠎ᠠ
ᠨᠡᠶᠢᠲᠡᠯᠡᠭᠰᠡᠨ ᠴᠠᠭ᠄
2024/5/27
     ᠰᠤᠷᠪᠤᠯᠵᠢᠯᠠᠬᠴᠢ 5 ᠰᠠᠷ᠎ᠠ ᠶᠢᠨ 21 ᠤ ᠡᠳᠦᠷ ᠭᠦᠭᠡᠬᠤᠲᠠ ᠶᠢᠨ ᠰᠤᠷᠭᠠᠨ ᠬᠥᠮᠦᠵᠢᠯ ᠤᠨ ᠰᠤᠷᠤᠬᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠭᠦᠭᠡᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ 31445 ᠪᠣᠯᠵᠤ᠂ ᠨᠢᠳᠤᠨᠤᠨ ᠤ ᠬᠢ ᠠᠴᠠ 538 ᠨᠡᠮᠡᠭᠳᠡᠵᠡᠢ᠃ ᠡᠭᠦᠨ ᠳᠤ᠂ ᠨᠢᠭᠡᠳᠦᠯᠲᠡᠢ ᠰᠢᠯᠭᠠᠯᠲᠠ ᠳᠤ 23462 ᠬᠥᠮᠥᠨ ᠣᠷᠣᠯᠴᠠᠨ᠎ᠠ᠃ ᠡᠨᠡ ᠵᠢᠯ ᠪᠦᠭᠦ ᠬᠤᠲᠠ ᠳᠤ ᠨᠡᠶᠢᠲᠡ 9 ᠰᠢᠯᠭᠠᠯᠲᠠ ᠶᠢᠨ ᠲᠣᠭᠤᠷᠢᠭ᠂ 26 ᠰᠢᠯᠭᠠᠯᠲᠠ ᠶᠢᠨ ᠴᠡᠭ᠂ 804 ᠰᠢᠯᠭᠠᠯᠲᠠ ᠶᠢᠨ ᠲᠠᠯᠠᠪᠠᠶ ᠭᠠᠷᠭᠠᠪᠠ᠃      ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠴᠠᠭ ᠨᠢ 6 ᠰᠠᠷ᠎ᠠ ᠶᠢᠨ 7 ᠤ ᠡᠳᠦᠷ ᠪᠠ 8 ᠤ ᠡᠳᠦᠷ ᠤᠨ ᠬᠤᠶᠠᠷ ᠡᠳᠦᠷ ᠪᠠᠶᠢᠵᠤ᠂ 6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ ᠰᠢᠯᠭᠠᠬᠤ ᠮᠣᠩᠭᠤᠯ ᠭᠡᠯᠡ ᠪᠢᠴᠢᠭ︵ᠬᠥᠬᠡᠭᠴᠢᠨ︶ ᠤᠨ ᠬᠢᠴᠢᠶᠡᠯ ᠲᠥᠷᠥᠯ ᠢ ᠬᠦᠴᠦᠨ ᠦᠭᠡᠢ ᠪᠣᠯᠭᠠᠪᠠ᠃ ᠣᠳᠣᠬᠠᠨ ᠳᠤ᠂ ᠭᠦᠭᠡᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠲᠤᠬᠠᠢ ᠡᠯ᠎ᠡ ᠳᠦᠷᠦᠯ ᠤᠨ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠡᠨᠡ ᠵᠢᠯ ᠭᠦᠭᠡᠬᠤᠲᠠ ᠶᠢᠨ ᠳᠥᠷᠪᠡᠨ ᠲᠣᠭᠤᠷᠢᠭ ᠲᠤ 20 ᠰᠢᠯᠭᠠᠯᠲᠠ ᠶᠢᠨ ᠴᠡᠭ ᠭᠠᠷᠭᠠᠵᠤ᠂ 17758 ᠬᠥᠮᠥᠨ ᠰᠢᠯᠭᠠᠯᠲᠠ ᠳᠤ ᠣᠷᠣᠯᠴᠠᠨ᠎ᠠ︔ ᠬᠤᠰᠢᠭᠤ ᠰᠢᠶᠠᠨ ᠳᠤ 6 ᠰᠢᠯᠭᠠᠯᠲᠠ ᠶᠢᠨ ᠴᠡᠭ ᠭᠠᠷᠭᠠᠵᠤ᠂ 5704 ᠬᠥᠮᠥᠨ ᠰᠢᠯᠭᠠᠯᠲᠠ ᠳᠤ ᠣᠷᠣᠯᠴᠠᠨ᠎ᠠ᠃ ᠪᠣᠳᠠᠲᠠᠢ ᠰᠢᠯᠭᠠᠯᠲᠠ ᠶᠢᠨ ᠲᠣᠭᠤᠷᠢᠭ ᠵᠢᠴᠢ ᠰᠢᠯᠭᠠᠯᠲᠠ ᠶᠢᠨ ᠴᠡᠭ ᠤᠨ ᠪᠠᠶᠢᠷᠢᠯᠠᠭᠤᠯᠤᠯᠲᠠ ᠨᠢ ᠳᠣᠣᠷᠠᠬᠢ ᠮᠡᠲᠦ᠄      ᠰᠢᠨ᠎ᠡ ᠬᠤᠲᠠ ᠲᠣᠭᠤᠷᠢᠭ      ᠰᠢᠯᠭᠠᠯᠲᠠ ᠶᠢᠨ ᠴᠡᠭ᠄ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠡᠮᠦᠨ᠎ᠡ ᠵᠠᠮ ᠤᠨ 1 ᠳ᠋ᠦ᠋ᠭᠡᠷ ᠨᠣᠮᠧᠷ ︵ᠪᠠᠷᠠᠭᠤᠨ ᠰᠤᠷᠭᠠᠭᠤᠯᠢ ᠶᠢᠨ ᠲᠣᠭᠤᠷᠢᠭ︶      ᠰᠢᠯᠭᠠᠯᠲᠠ ᠶᠢᠨ ᠴᠡᠭ᠄  ᠭᠦᠭᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠠᠶᠢᠯᠠᠷ ᠶᠡᠭᠡ ᠵᠡᠭᠡᠯᠢ ᠶᠢᠨ 25 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ︵ᠭᠡᠨᠭᠭᠡᠷᠡᠭᠡᠳᠦ ᠠᠰᠠᠷ ᠰᠤᠷᠭᠠᠭᠤᠯᠢ ᠶᠢᠨ ᠲᠣᠭᠤᠷᠢᠭ︶      ᠬᠠᠶ᠋ᠢᠭ᠄ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨ᠎ᠡ ᠬᠤᠲᠠ ᠶᠢᠨ ᠡᠮᠦᠨ᠎ᠡ ᠵᠡᠭᠡᠯᠢ ᠶᠢᠨ 75 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 97 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠭᠤᠴᠢᠨ ᠳᠥᠷᠪᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠠᠢ ᠮᠢᠨ ᠵᠡᠭᠡᠯᠢ ᠶᠢᠨ 18 ᠳ᠋ᠤᠭᠠᠷ ᠨᠣᠮᠧᠷ︵ᠵᠡᠭᠦᠨ ᠰᠤᠷᠭᠠᠭᠤᠯᠢ ᠶᠢᠨ ᠲᠣᠭᠤᠷᠢᠭ︶      ᠰᠢᠯᠭᠠᠯᠲᠠ ᠶᠢᠨ ᠴᠡᠭ᠄ ᠭᠦᠭᠡᠬᠤᠲᠠ ᠶᠢᠨ ᠭᠤᠴᠢᠨ ᠨᠠᠢᠮᠠᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠶᠢᠩ ᠰᠢᠨ ᠵᠡᠭᠦᠨ ᠵᠠᠮ ᠤᠨ ᠰᠠᠨ ᠰᠢᠶᠠᠩ ᠵᠠᠮ ᠤᠨ 1 ᠳ᠋ᠦ᠋ᠭᠡᠷ ᠨᠣᠮᠧᠷ      ᠬᠤᠲᠣᠩ ᠠᠷᠠᠳ ᠤᠨ ᠲᠣᠭᠤᠷᠢᠭ      ᠰᠢᠯᠭᠠᠯᠲᠠ ᠶᠢᠨ ᠴᠡᠭ᠄ ᠭᠦᠭᠡᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠤᠸᠠᠩ ᠮᠢᠩ ᠶᠡᠭᠡ ᠵᠡᠭᠡᠯᠢ ᠶᠢᠨ 16 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠦᠸᠧ ᠶᠤᠸᠠᠨ ᠪᠠᠷᠠᠭᠤᠨ ᠵᠠᠮ ᠤᠨ 9 ᠳ᠋ᠦ᠋ᠭᠡᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠸᠠᠨ ᠾᠧ ᠵᠡᠭᠡᠯᠢ ᠶᠢᠨ 33 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠭᠦᠭᠡᠬᠤᠲᠠ ᠶᠢᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠨᠢᠭᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 27 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠠᠶᠢᠫᠢᠩ ᠵᠡᠭᠡᠯᠢ ᠶᠢᠨ 1 ᠳ᠋ᠦ᠋ᠭᠡᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠬᠤᠲᠣᠩ ᠠᠷᠠᠳ ᠤᠨ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠡᠮᠦᠨ᠎ᠡ ᠵᠡᠭᠡᠯᠢ ᠶᠢᠨ 21 ᠳ᠋ᠦ᠋ᠭᠡᠷ ᠨᠣᠮᠧᠷ      ᠢᠦᠶᠢᠴᠢᠤᠸᠠᠨ ᠲᠣᠭᠤᠷᠢᠭ      ᠰᠢᠯᠭᠠᠯᠲᠠ ᠶᠢᠨ ᠴᠡᠭ᠄ ᠭᠦᠭᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠣᠷᠳᠣᠰ ᠶᠡᠭᠡ ᠵᠡᠭᠡᠯᠢ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠡᠮᠦᠨ᠎ᠡ ᠵᠡᠭᠡᠯᠢ ᠶᠢᠨ 1 ᠳ᠋ᠦ᠋ᠭᠡᠷ ᠨᠣᠮᠧᠷ      ᠰᠢᠯᠭᠠᠯᠲᠠ ᠶᠢᠨ ᠴᠡᠭ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ ᠵᠡᠭᠦᠨ ᠲᠠᠯ᠎ᠠ ᠶᠢᠨ ᠠᠷᠪᠠ ᠶᠢᠰᠦᠳᠦᠭᠡᠷ ᠵᠠᠮ ᠤᠨ ᠠᠭᠤᠯᠵᠠᠷ ᠭᠠᠵᠠᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠴᠡᠴᠡᠷᠯᠢᠭ ᠤᠨ ᠪᠠᠷᠠᠭᠤᠨ ᠵᠠᠮ ᠤᠨ 272 ᠳ᠋ᠤᠭᠠᠷ ᠨᠣᠮᠧᠷ      ᠰᠠᠶᠢᠬᠠᠨ ᠲᠣᠭᠤᠷᠢᠭ      ᠰᠢᠯᠭᠠᠯᠲᠠ ᠶᠢᠨ ᠴᠡᠭ᠄ ᠭᠦᠭᠡᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠪᠠᠷᠠᠭᠤᠨ ᠵᠡᠭᠡᠯᠢ ᠶᠢᠨ 68 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠦᠨᠳᠦᠰᠦᠲᠡᠨ ᠤ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠬᠤᠷᠴᠢᠨ ᠡᠮᠦᠨ᠎ᠡ ᠵᠠᠮ ᠤᠨ ᠡᠮᠦᠨ᠎ᠡ 200 ᠮᠧᠲᠷ      ᠰᠢᠯᠭᠠᠯᠲᠠ ᠶᠢᠨ ᠴᠡᠭ᠄ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠪᠠᠷᠠᠭᠤᠨ ᠵᠡᠭᠡᠯᠢ ᠶᠢᠨ 10 ᠳ᠋ᠤᠭᠠᠷ ᠨᠣᠮᠧᠷ      ᠰᠢᠯᠭᠠᠯᠲᠠ ᠶᠢᠨ ᠴᠡᠭ᠄ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠭᠦᠭᠡᠬᠤᠲᠠ ᠶᠢᠨ ᠬᠤᠪᠢᠶᠠᠷᠢ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠠᠷᠪᠠᠳᠤᠭᠠᠷ ᠵᠠᠮ ᠤᠨ 1 ᠳ᠋ᠦ᠋ᠭᠡᠷ ᠨᠣᠮᠧᠷ      ᠰᠢᠯᠭᠠᠯᠲᠠ ᠶᠢᠨ ᠴᠡᠭ᠄ ᠭᠦᠭᠡᠬᠤᠲᠠ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠶᠡᠭᠡ ᠵᠡᠭᠡᠯᠢ ᠬᠢᠭᠡᠳ ᠹᠧᠩᠵᠸᠤ ᠵᠠᠮ ᠤᠨ ᠠᠭᠤᠯᠵᠠᠷ ᠭᠠᠵᠠᠷ      ᠲᠦᠮᠡᠳ ᠵᠡᠭᠦᠨ ᠬᠤᠰᠢᠭᠤ      ᠰᠢᠯᠭᠠᠯᠲᠠ ᠶᠢᠨ ᠴᠡᠭ᠄ ᠲᠦᠮᠡᠳ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠪᠤᠶᠠᠨ ᠵᠠᠮ ᠤᠨ ᠵᠡᠭᠦᠨ      ᠰᠢᠯᠭᠠᠯᠲᠠ ᠶᠢᠨ ᠴᠡᠭ᠄ ᠲᠦᠮᠡᠳ ᠵᠡᠭᠦᠨ ᠬᠤᠰᠢᠭᠤᠨ ᠤ ᠦᠨᠳᠦᠰᠦᠲᠡᠨ ᠤ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠪᠠ ᠱᠢ ᠵᠠᠮ      ᠲᠣᠭᠲᠠᠬᠤ ᠰᠢᠶᠠᠨ      ᠰᠢᠯᠭᠠᠯᠲᠠ ᠶᠢᠨ ᠴᠡᠭ᠄ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠲᠣᠭᠲᠠᠬᠤ ᠶᠡᠭᠡ ᠵᠡᠭᠡᠯᠢ ᠶᠢᠨ ᠵᠡᠭᠦᠨ ᠦᠵᠦᠭᠦᠷ ᠵᠠᠮ ᠤᠨ ᠡᠮᠦᠨ᠎ᠡ      ᠬᠤᠷᠢᠨᠭᠡᠷ ᠰᠢᠶᠠᠨ      ᠰᠢᠯᠭᠠᠯᠲᠠ ᠶᠢᠨ ᠴᠡᠭ᠄ ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠬᠡᠯᠲᠡᠰ      ᠬᠠᠶ᠋ᠢᠭ᠄ ᠭᠦᠭᠡᠬᠤᠲᠠ ᠶᠢᠨ ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠭᠦ᠋ ᠴᠢᠩ ᠵᠠᠮ ᠤᠨ ᠪᠠᠷᠠᠭᠤᠨ 209 ᠤᠯᠤᠰ ᠤᠨ ᠵᠠᠮ ᠤᠨ ᠬᠤᠶᠢᠲᠤ ᠡᠭᠦᠳᠡ      ᠴᠢᠩ ᠱᠦᠢ ᠾᠧ ᠰᠢᠶᠠᠨ      ᠰᠢᠯᠭᠠᠯᠲᠠ ᠶᠢᠨ ᠴᠡᠭ᠄ ᠴᠢᠩ ᠱᠦᠢ ᠾᠧ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠵᠢᠶᠠ ᠵᠢᠶᠠ ᠸᠠᠨ ᠲᠣᠰᠬᠤᠨ ᠤ ᠵᠠᠰᠠᠭ ᠤᠨ ᠶᠠᠪᠤᠳᠠᠯ ᠤᠨ ᠲᠣᠮᠣ ᠠᠰᠠᠷ ᠤᠨ ᠪᠠᠷᠠᠭᠤᠨ ᠲᠠᠯ᠎ᠠ      ᠦᠴᠦᠸᠠᠨ ᠰᠢᠶᠠᠨ      ᠰᠢᠯᠭᠠᠯᠲᠠ ᠶᠢᠨ ᠴᠡᠭ᠄ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ      ᠬᠠᠶ᠋ᠢᠭ᠄ ᠭᠦᠭᠡᠬᠤᠲᠠ ᠶᠢᠨ ᠦᠴᠦᠸᠠᠨ ᠰᠢᠶᠠᠨ ᠤ ᠰᠢᠤᠸᠠᠢ ᠹᠦ᠋ ᠵᠡᠭᠡᠯᠢ ᠶᠢᠨ 5 ᠳ᠋ᠤᠭᠠᠷ ᠨᠣᠮᠧᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号