| | ᠬᠥᠳᠡᠯᠮᠦᠷᠢᠴᠢᠳ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ ᠳᠤ ᠪᠠᠨ ᠠᠵᠢᠯ ᠠᠯᠳᠠᠭᠰᠠᠳ ᠤᠨ | ᠳᠠᠭᠠᠳᠬᠠᠯ ᠳᠤ ᠣᠷᠣᠯᠴᠠᠵᠤ᠂ ᠠᠵᠢᠯ ᠠᠯᠳᠠᠭᠰᠠᠨ ᠤ ᠳᠠᠷᠠᠭ᠎ᠠ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠭᠰᠡᠨ | ᠪᠠᠶᠢᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃ | | | ᠭᠤᠶᠤᠴᠢᠯᠠᠨ ᠠᠪᠬᠤ ᠨᠥᠬᠦᠴᠡᠯ ᠵᠢᠴᠢ ᠪᠠᠷᠢᠮᠵᠢᠶ᠎ᠠ | 1 ᠵᠢᠯ ᠠᠴᠠ ᠳᠡᠭᠡᠭᠰᠢ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠬᠤ | ᠲᠤᠰ ᠬᠥᠮᠥᠨ ᠤ ᠰᠠᠨᠠᠭᠠᠨ ᠠᠴᠠ ᠪᠤᠰᠤ ᠰᠢᠯᠲᠠᠭᠠᠨ ᠢᠶᠠᠷ ᠠᠵᠢᠯ ᠢᠶᠠᠨ ᠲᠠᠰᠤᠯᠳᠠᠭᠤᠯᠤᠭᠰᠠᠨ | ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭᠠᠳᠬᠠᠯ ᠤᠨ ᠰᠦᠢᠳᠬᠡᠯ ᠲᠤᠰᠢᠶᠠᠭᠠᠳ ᠨᠡᠶᠢᠲᠡ | ᠪᠦᠬᠦᠯᠢ 1 ᠵᠢᠯ ᠪᠣᠯᠤᠭᠰᠠᠨ ᠪᠣᠯᠪᠠᠴᠤ 5 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 12 ᠰᠠᠷ᠎ᠠ ᠠᠵᠢᠯ | ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ︔ ᠰᠦᠢᠳᠬᠡᠯ ᠲᠤᠰᠢᠶᠠᠭᠠᠳ ᠨᠡᠶᠢᠲᠡ ᠪᠦᠬᠦᠯᠢ 5 ᠵᠢᠯ | ᠪᠣᠯᠤᠭᠰᠠᠨ ᠪᠣᠯᠪᠠᠴᠤ 10 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 18 ᠰᠠᠷ᠎ᠠ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠴᠤ ᠪᠣᠯᠣᠨ᠎ᠠ︔ ᠨᠡᠶᠢᠲᠡ 10 ᠵᠢᠯ ᠠᠴᠠ ᠳᠡᠭᠡᠭᠰᠢ ᠰᠦᠢᠳᠬᠡᠯ ᠲᠤᠰᠢᠶᠠᠭᠰᠠᠨ ᠪᠣᠯ | ᠬᠠᠮᠤᠭ ᠤᠷᠲᠤ ᠳᠤ ᠪᠠᠨ 24 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃ | | | | ᠪᠢ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠥᠩᠭᠡᠷᠡᠵᠡᠢ᠂ ᠬᠤᠶᠢᠰᠢ ᠳᠠᠬᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠨᠥᠯᠥᠭᠡᠯᠡᠬᠦ ᠦᠦ︖ | ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠣᠬᠤ ᠳᠤ᠂ | ᠰᠦᠢᠳᠬᠡᠯ ᠲᠤᠰᠢᠶᠠᠬᠤ ᠰᠠᠭᠤᠷᠢ ᠲᠤᠭ᠎ᠠ᠂ ᠰᠦᠢᠳᠬᠡᠯ ᠲᠤᠰᠢᠶᠠᠬᠤ ᠬᠠᠷᠢᠴᠠᠯ᠂ ᠰᠦᠢᠳᠬᠡᠯ ᠲᠤᠰᠢᠶᠠᠭᠰᠠᠨ | ᠬᠤᠭᠤᠴᠠᠭ᠎ᠠ ᠬᠢᠭᠡᠳ ᠠᠵᠢᠯ ᠠᠴᠠ ᠪᠠᠨ ᠠᠮᠠᠷᠠᠬᠤ ᠠᠴᠠ ᠡᠮᠦᠨᠡᠬᠢ ᠨᠢᠭᠡ ᠵᠢᠯ ᠤᠨ ᠠᠵᠢᠯᠯᠠᠵᠤ ᠪᠠᠶᠢᠭ᠎ᠠ ᠠᠵᠢᠯᠲᠠᠨ ᠤ | ᠰᠠᠷ᠎ᠠ ᠶᠢᠨ ᠳᠤᠮᠳᠠᠴᠢ ᠴᠠᠯᠢᠩ ᠵᠡᠷᠭᠡ ᠬᠦᠴᠦᠨ ᠵᠦᠢᠯ ᠤᠳ ᠲᠠᠢ ᠬᠤᠯᠪᠣᠭᠳᠠᠵᠤ᠂ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠤᠭᠰᠠᠨ ᠡᠰᠡᠬᠦ ᠲᠠᠢ ᠬᠤᠯᠪᠣᠭᠳᠠᠬᠤ ᠦᠭᠡᠢ᠃ | ᠠᠵᠢᠯ ᠠᠯᠳᠠᠭᠰᠠᠳ ᠬᠡᠷᠪᠡ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ | ᠦᠭᠡᠢ ᠭᠡᠪᠡᠯ ᠬᠤᠪᠢ ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ | ᠲᠤᠰᠢᠶᠠᠵᠤ ᠪᠣᠯᠣᠨ᠎ᠠ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠠᠵᠢᠯ ᠠᠯᠳᠠᠭᠰᠠᠳ ᠠᠵᠢᠯ | ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠬᠤᠪᠢ ᠬᠥᠮᠥᠨ ᠤ ᠬᠢᠷᠢ ᠭᠡᠮ ᠢᠶᠠᠷ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ ᠳᠠᠭᠠᠳᠬᠠᠯ ᠤᠨ | ᠮᠥᠩᠭᠦ ᠶᠢ ᠬᠠᠤᠯᠢ ᠶᠣᠰᠣᠭᠠᠷ ᠠᠪᠬᠤ ᠪᠠᠨ ᠵᠣᠭᠰᠤᠭᠠᠬᠤ ᠬᠡᠷᠡᠭᠲᠡᠢ ᠪᠠᠶᠢᠳᠠᠯ ᠭᠠᠷᠤᠭᠰᠠᠨ ᠦᠭᠡᠢ ᠪᠠᠶᠢᠪᠠᠯ ᠭᠠᠷᠳᠠᠨ | ᠭᠦᠢᠴᠡᠳᠬᠡᠬᠦ ᠪᠠᠶᠢᠭᠤᠯᠤᠮᠵᠢ ᠨᠢ ᠠᠵᠢᠯ ᠠᠯᠳᠠᠭᠰᠠᠨ ᠳᠠᠭᠠᠳᠬᠠᠯ ᠤᠨ ᠣᠯᠭᠤᠮᠵᠢ ᠶᠢ ᠨᠢ ᠵᠣᠭᠰᠣᠭᠠᠵᠤ ᠪᠣᠯᠬᠤ | ᠦᠭᠡᠢ᠃ | ᠲᠤᠬᠠᠶᠢᠯᠠᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠢ ᠠᠵᠢᠯ ᠠᠯᠳᠠᠭᠰᠠᠳ ᠤᠨ ᠬᠤᠪᠢ | ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠦᠷᠭᠦᠯᠵᠢᠯᠡᠨ ᠲᠤᠰᠢᠶᠠᠬᠤ ᠶᠢ | ᠨᠥᠯᠥᠭᠡᠯᠡᠬᠦ ᠦᠭᠡᠢ ᠪᠥᠭᠡᠳ ᠬᠤᠪᠢ ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠠᠴᠠ ᠪᠣᠯᠵᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠣᠯᠭᠤᠬᠤ ᠶᠢ ᠵᠣᠭᠰᠤᠭᠠᠬᠤ | ᠦᠭᠡᠢ ᠶᠤᠮ᠃ | | | | ᠲᠡᠭᠡᠪᠡᠯ ᠠᠵᠢᠯ ᠠᠯᠳᠠᠭᠰᠠᠨ ᠬᠤᠭᠤᠴᠠᠭᠠᠨ ᠳᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ | ᠲᠠᠰᠤᠯᠳᠠᠭᠤᠯᠬᠤ ᠠᠴᠠ ᠬᠡᠷᠬᠢᠨ ᠵᠠᠶᠢᠯᠠᠰᠬᠢᠬᠤ ᠪᠤᠢ︖ | ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠠᠵᠢᠯ | ᠠᠯᠳᠠᠭᠰᠠᠳ ᠤᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠲᠡᠭᠦᠨ ᠳᠤ ᠦᠨᠳᠦᠰᠦᠨ ᠡᠮᠴᠢᠯᠡᠭᠡᠨ ᠤ | ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠬᠡᠯ ᠢ ᠣᠷᠣᠯᠠᠨ ᠲᠤᠰᠢᠶᠠᠵᠤ ᠥᠭᠭᠦᠨ᠎ᠡ᠃ ᠬᠤᠪᠢ | ᠬᠥᠮᠥᠨ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠲᠤᠰᠢᠶᠠᠬᠤ ᠪᠠᠨ ᠲᠠᠰᠤᠯᠳᠠᠭᠤᠯᠬᠤ ᠠᠴᠠ | ᠵᠠᠶᠢᠯᠠᠰᠬᠢᠵᠦ ᠪᠣᠯᠣᠨ᠎ᠠ᠃ | ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠬᠤᠪᠢ | ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠢ ᠲᠡᠭᠦᠨ ᠤ | ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠨᠥᠯᠥᠭᠡᠯᠡᠬᠦ ᠦᠭᠡᠢ ᠶᠤᠮ᠃ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ | ᠠᠪᠤᠭᠰᠠᠨ ᠪᠣᠯ ᠨᠠᠰᠤᠵᠢᠯ ᠤᠨ ᠳᠠᠭᠠᠳᠬᠠᠯ ᠢ ᠡᠷᠬᠡᠪᠰᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ | ᠬᠠᠮᠲᠤ ᠰᠢᠯᠵᠢᠭᠦᠯᠬᠦ ᠬᠡᠷᠡᠭᠲᠡᠢ ᠤᠤ︖ | ᠴᠢᠬᠤᠯᠠ ᠦᠭᠡᠢ᠂ ︽ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠮᠤᠵᠢ ᠠᠯᠤᠰᠯᠠᠨ | ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠮᠡᠳᠡᠭᠳᠡᠯ︾ ᠳᠤ᠂ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ | ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠮᠤᠭ ᠡᠴᠦᠰ ᠲᠤ | ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠵᠢᠴᠢ ᠪᠤᠰᠤᠳ | ᠬᠠᠮᠢᠶ᠎ᠠ ᠪᠦᠬᠦᠢ ᠣᠯᠭᠤᠮᠵᠢ ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ | ᠪᠤᠴᠠᠵᠤ ᠭᠤᠶᠤᠴᠢᠯᠠᠨ ᠠᠪᠬᠤ ᠶᠢ ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | ᠣᠯᠭᠤᠮᠵᠢ ᠣᠯᠭᠤᠬᠤ ᠬᠤᠭᠤᠴᠠᠭᠠᠨ ᠳᠤ ᠣᠯᠭᠤᠬᠤ ᠭᠠᠵᠠᠷ ᠢ ᠳᠤᠮᠳᠠ ᠠᠴᠠ ᠨᠢ ᠬᠤᠪᠢᠷᠠᠭᠤᠯᠵᠤ ᠪᠣᠯᠬᠤ | ᠦᠭᠡᠢ︕ | ᠣᠳᠣᠬᠠᠨ ᠳᠤ᠂ ᠤᠯᠤᠰ ᠠᠴᠠ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ | ᠦᠶ᠎ᠡ ᠳᠤ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠬᠠᠮᠲᠤ ᠳᠤ ᠨᠢ ᠰᠢᠯᠵᠢᠭᠦᠯᠦᠨ ᠭᠦᠢᠴᠡᠳᠬᠡᠬᠦ ᠲᠠᠯ᠎ᠠ ᠪᠠᠷ | ᠨᠢᠭᠡᠳᠦᠯᠲᠡᠢ ᠱᠠᠭᠠᠷᠳᠠᠯᠭ᠎ᠠ ᠳᠤᠷᠠᠳᠤᠭᠰᠠᠨ ᠦᠭᠡᠢ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠠᠴᠠ ᠪᠠᠨ ᠠᠵᠢᠯ | ᠠᠯᠳᠠᠭᠰᠠᠨ ᠳᠠᠭᠠᠳᠬᠠᠯ ᠤᠨ ᠮᠥᠩᠭᠦ ᠠᠪᠬᠤ ᠦᠶ᠎ᠡ ᠳᠤ ᠵᠦᠪᠬᠡᠨ ᠠᠵᠢᠯ ᠠᠯᠳᠠᠭᠰᠠᠳ ᠤᠨ ᠳᠠᠭᠠᠳᠬᠠᠯ ᠤᠨ | ᠬᠠᠷᠢᠴᠠᠭ᠎ᠠ ᠶᠢ ᠰᠢᠯᠵᠢᠭᠦᠯᠦᠨ ᠭᠦᠢᠴᠡᠳᠬᠡᠬᠦ ᠴᠢᠬᠤᠯᠠᠲᠠᠢ᠃ | | | | ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠪᠡᠯ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ | ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ ᠨᠥᠯᠥᠭᠡᠯᠡᠨ᠎ᠡ ᠦᠦ︖ | ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ | ᠶᠣᠰᠣᠭᠠᠷ ᠪᠣᠯ᠂ ᠳᠠᠭᠠᠳᠬᠠᠯ ᠳᠤ ᠣᠷᠣᠯᠴᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠤᠶᠤ ᠠᠵᠢᠯ | ᠠᠯᠳᠠᠭᠰᠠᠳ ᠤᠨ ᠨᠥᠬᠦᠪᠦᠷᠢ ᠮᠥᠩᠭᠦ ᠠᠪᠬᠤ ᠬᠤᠭᠤᠴᠠᠭᠠᠨ ᠳᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ | ᠭᠡᠮ ᠢᠶᠠᠷ ᠬᠤᠪᠢ ᠬᠥᠮᠥᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠃ | ᠠᠰᠠᠭᠤᠯᠲᠠ᠄ ᠠᠵᠢᠯ ᠠᠯᠳᠠᠭᠰᠠᠨ ᠤ ᠳᠠᠷᠠᠭ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠳᠤ | ᠴᠠᠭ ᠤᠨ ᠬᠢᠵᠠᠭᠠᠷ ᠲᠠᠢ ᠦᠦ︖ | ᠬᠠᠷᠢᠭᠤᠯᠲᠠ᠄ ᠠᠪᠬᠤ ᠨᠥᠬᠦᠴᠡᠯ ᠳᠤ ᠨᠡᠶᠢᠴᠡᠪᠡᠯ ᠳᠠᠷᠤᠢ ᠭᠤᠶᠤᠴᠢᠯᠠᠨ ᠠᠪᠴᠤ ᠪᠣᠯᠣᠨ᠎ᠠ᠂ ᠴᠠᠭ ᠤᠨ | ᠬᠢᠵᠠᠭᠠᠷ ᠪᠠᠶᠢᠬᠤ ᠦᠭᠡᠢ᠃ | ᠠᠰᠠᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠠᠷᠪᠢᠨ ᠳᠤ ᠪᠠᠨ | 24 ᠰᠠᠷ᠎ᠠ ᠠᠪᠴᠤ ᠪᠣᠯᠬᠤ ᠶᠤᠮ ᠦᠦ︖ ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ ᠳᠤ ᠪᠠᠨ 24 ᠰᠠᠷ᠎ᠠ | ᠠᠪᠴᠤ ᠪᠣᠯᠬᠤ ᠶᠤᠮ ᠦᠦ︖ | ᠬᠠᠷᠢᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠤᠨ | ᠤᠷᠲᠤ ᠳᠤ ᠪᠠᠨ 24 ᠰᠠᠷ᠎ᠠ ᠠᠪᠴᠤ ᠪᠣᠯᠣᠨ᠎ᠠ᠂ ᠳᠠᠬᠢᠵᠤ ᠠᠵᠢᠯ ᠣᠯᠣᠭᠰᠠᠨ ᠬᠤᠶᠢᠨ᠎ᠠ ᠳᠠᠬᠢᠨᠲᠠ ᠠᠵᠢᠯ | ᠠᠯᠳᠠᠭᠰᠠᠨ ᠪᠣᠯ᠂ ᠰᠦᠢᠳᠬᠡᠯ ᠲᠤᠰᠢᠶᠠᠭᠰᠠᠨ ᠴᠠᠭ ᠢ ᠳᠠᠬᠢᠨ ᠰᠢᠨ᠎ᠡ ᠪᠠᠷ ᠪᠣᠳᠣᠨ᠎ᠠ᠂ ᠬᠡᠷᠪᠡ ᠨᠥᠬᠦᠴᠡᠯ ᠳᠤ | ᠨᠡᠶᠢᠴᠡᠪᠡᠯ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃ | |