ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠶᠠᠷᠢᠶ᠎ᠠ ᠢᠯᠡᠳᠬᠡᠯ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/5/28
       ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠳᠤ ᠲᠠᠯᠪᠢᠭᠰᠠᠨ ᠬᠦᠰᠡᠯ ᠡᠷᠡᠮᠡᠯᠵᠡᠯ ᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠭᠰᠠᠨ ᠨᠢ︾ ᠭᠡᠬᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠵᠢᠴᠢ ᠱᠠᠩᠨᠠᠯ ᠬᠦᠷᠲᠡᠭᠰᠡᠳ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃          ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠰᠤᠷᠤᠭᠴᠢᠳ ᠤᠨ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠥᠭᠡᠳ ᠲᠥᠪ ᠬᠢᠴᠢᠶᠡᠩᠭᠦᠢ ᠠᠭᠤᠷ ᠠᠮᠢᠰᠬᠤᠯ ᠢ ᠪᠤᠢ ᠪᠣᠯᠭᠠᠪᠠ᠃ ᠰᠠᠶᠢᠬᠠᠨ ᠲᠣᠭᠤᠷᠢᠭ ᠤᠨ ᠡᠯ᠎ᠡ ᠰᠤᠷᠭᠠᠭᠤᠯᠢ ᠶᠢᠨ 12 ᠪᠠᠭᠰᠢ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠤᠨ ᠲᠣᠭᠤᠷᠢᠨ ᠳᠤ᠂ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠬᠤ︾ ᠲᠡᠦᠬᠡ ᠶᠢᠨ ᠰᠠᠶᠢᠬᠠᠨ ᠦᠭᠡ ᠵᠢᠴᠢ ᠲᠣᠰ ᠪᠡᠶ᠎ᠡ ᠶᠢᠨ ᠵᠢᠭᠠᠨ ᠰᠤᠷᠭᠠᠯᠲᠠ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠰᠡᠳᠬᠢᠯ ᠬᠥᠳᠡᠯᠭᠡᠮ᠎ᠡ ᠠᠯᠢ ᠣᠯᠠᠨ ᠥᠯᠢᠭᠡᠷ ᠢ ᠭᠦᠨ ᠰᠡᠳᠬᠢᠯᠭᠡ ᠲᠠᠢ ᠪᠠᠷ ᠶᠠᠷᠢᠪᠠ᠃ ᠪᠦᠬᠦ᠋ᠢᠯᠡ ᠶᠠᠷᠢᠶ᠎ᠠ ᠢᠯᠡᠳᠬᠡᠯ ᠤᠨ ᠲᠤᠬᠠᠢ ᠶᠢᠨ ᠲᠠᠯᠠᠪᠠᠢ ᠳᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠶᠠᠪᠤᠭᠳᠠᠵᠤ᠂ ᠬᠦᠷ ᠬᠥᠭᠵᠢᠶᠡᠨ ᠲᠠᠢ ᠪᠠᠶᠢᠯ᠎ᠠ᠃            ︽ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠵᠢᠴᠢ ᠲᠦᠭᠡᠮᠡᠯᠵᠢᠭᠦᠯᠬᠦ ᠠᠵᠢᠯ ᠢ ᠢᠳᠡᠪᠬᠢᠲᠡᠢ ᠴᠢᠩᠭᠠᠳᠬᠠᠪᠠ᠃ ᠡᠨᠡ ᠬᠦ ᠠᠬᠤᠢ ᠪᠠᠶᠢᠳᠠᠯ ᠳᠣᠣᠷ᠎ᠠ᠂ ᠪᠢᠳᠡ ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ﹀ ᠶᠠᠷᠢᠶ᠎ᠠ ᠢᠯᠡᠳᠬᠡᠯ ᠤᠨ ᠤᠷᠤᠯᠳᠤᠭᠠᠨ ᠢ ᠨᠠᠷᠢᠨ ᠨᠢᠮᠪᠠᠢ ᠲᠥᠰᠥᠪᠯᠡᠭᠰᠡᠨ ᠪᠥᠭᠡᠳ ᠡᠷᠬᠢᠯᠡᠪᠡ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ 55 ᠠᠩᠬ᠎ᠠ ᠤᠷᠤᠯᠳᠤᠭᠠᠨ ᠤ ᠲᠠᠮᠢᠷᠴᠢᠳ ᠤᠨ ᠳᠣᠲᠣᠷ᠎ᠠ ᠠᠴᠠ 20 ᠰᠢᠯᠢᠳᠡᠭ ᠲᠠᠮᠢᠷᠴᠢᠨ ᠢ ᠰᠣᠩᠭᠤᠨ ᠰᠢᠢᠳᠪᠦᠷᠢᠲᠦ ᠤᠷᠤᠯᠳᠤᠭᠠᠨ ᠳᠤ ᠣᠷᠣᠭᠤᠯᠤᠭᠰᠠᠨ ᠤ ᠬᠠᠮᠲᠤ ᠱᠠᠩᠨᠠᠯ ᠭᠠᠷᠳᠠᠭᠤᠯᠵᠠᠢ᠃ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠸᠠᠩ ᠰᠢᠶᠣᠣ ᠵᠢᠤᠸᠠᠨ ᠰᠤᠷᠪᠤᠯᠵᠢᠯᠠᠭᠴᠢ ᠳᠤ ᠬᠡᠯᠡᠪᠡ᠃          ᠳᠠᠷᠠᠭ᠎ᠠ ᠨᠢ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠤᠷᠤᠯᠳᠤᠭᠠᠨ ᠤ ᠳᠤᠮᠳᠠ ᠱᠠᠩᠨᠠᠯ ᠣᠯᠤᠭᠰᠠᠳ ᠳᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠬᠤᠨᠳᠠᠭ᠎ᠠ ᠣᠯᠭᠤᠭᠰᠠᠨ ᠪᠥᠭᠡᠳ ᠤᠷᠤᠯᠳᠤᠭᠠᠨ ᠤ ᠳᠤᠮᠳᠠ ᠵᠣᠬᠢᠶᠠᠨ ᠪᠠᠶᠢᠭᠤᠯᠬᠤ ᠭᠠᠷᠮᠠᠭᠠᠢ ᠴᠢᠳᠠᠪᠤᠷᠢ ᠪᠠᠨ ᠢᠯᠡᠷᠡᠭᠦᠯᠦᠭᠰᠡᠨ ᠨᠢᠭᠡᠴᠢ ᠳᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠣᠯᠭᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠬᠥᠬᠢᠭᠦᠯᠦᠨ ᠰᠠᠶᠢᠰᠢᠶᠠᠪᠠ᠃          ᠲᠣᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠪᠣᠯ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠮᠢᠳᠤᠯᠢᠭ ᠦᠢᠯᠡᠳᠦᠯᠭᠡ ᠮᠥᠨ᠂ ᠮᠦᠨᠴᠦ ᠰᠠᠶᠢᠬᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ᠂ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠤᠭᠤᠳᠬᠤ ᠵᠢᠴᠢ ᠪᠠᠭᠰᠢ ᠰᠤᠷᠤᠭᠴᠢᠳ ᠢ ᠬᠥᠲᠥᠯᠥᠨ ᠵᠢᠯᠤᠭᠤᠳᠴᠤ ᠵᠥᠪ ᠦᠨᠳᠦᠰᠦᠲᠡᠨ ᠤ ᠦᠵᠡᠯᠲᠡ ᠪᠠ ᠤᠯᠤᠰ ᠤᠨ ᠦᠵᠡᠯᠲᠡ ᠶᠢ ᠪᠤᠢ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠤᠯᠠᠨ ᠬᠡᠯᠪᠡᠷᠢ ᠮᠠᠶ᠋ᠢᠭ ᠲᠠᠢ᠂ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠲᠥᠰᠥᠪᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠯᠦᠭᠡ ᠶᠢᠨ ᠰᠣᠯᠢᠯᠴᠠᠭ᠎ᠠ ᠦᠢᠯᠡᠳᠦᠯᠴᠡᠭᠡ ᠪᠠᠨ ᠴᠢᠩᠭᠠᠳᠬᠠᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠠᠶᠢᠬᠠᠨ ᠬᠦᠴᠦᠨ ᠴᠢᠳᠠᠯ ᠢᠶᠠᠨ ᠡᠷᠭᠦᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号