ᠲᠦᠷᠦᠭᠦᠦ 4 ᠰᠠᠷ᠎ᠠ ᠳᠤ ᠮᠠᠨ ᠤ ᠣᠷᠣᠨ ᠠᠵᠤ ᠠᠬᠤᠢ ᠶᠢᠨ ᠡᠷᠭᠢᠯᠲᠡ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2024/5/28
     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠵᠤ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠵᠡᠢ᠃            ᠡᠨᠡ ᠵᠢᠯ ᠠᠴᠠ ᠨᠠᠭᠠᠰᠢ᠂ ᠪᠦᠭᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠠᠲᠤ ᠡᠵᠡᠮᠳᠡᠵᠦ᠂ ᠨᠡᠮᠡᠭᠳᠡᠯ ᠢ ᠲᠣᠭᠲᠠᠪᠤᠷᠢᠵᠢᠭᠤᠯᠤᠨ ᠨᠥᠭᠡᠴᠡ ᠬᠦᠴᠦᠨ ᠢᠶᠠᠨ ᠴᠢᠩᠭᠠᠳᠬᠠᠬᠤ ᠪᠠᠷ ᠭᠤᠶᠢᠪᠢᠰᠢ ᠦᠭᠡᠢ ᠴᠢᠷᠮᠠᠶᠢᠨ᠂ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠲᠣᠭᠲᠠᠭᠤᠨ ᠤ ᠳᠤᠮᠳᠠ ᠰᠠᠶᠢᠵᠢᠷᠠᠬᠤ ᠶᠢ ᠲᠠᠰᠤᠷᠠᠯᠳᠠ ᠦᠭᠡᠢ ᠠᠬᠢᠭᠤᠯᠪᠠ᠃            ᠠᠵᠤ ᠦᠢᠯᠡᠳᠪᠦᠷᠢ ᠪᠣᠯ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠭᠤᠣᠯᠯᠠᠬᠤ ᠬᠦᠴᠦᠨ ᠮᠥᠨ᠃ ᠤᠯᠤᠰ ᠤᠨ ᠳᠣᠲᠣᠭᠠᠳᠤ ᠶᠢᠨ ᠠᠩᠬᠠᠳᠠᠭᠴᠢ ᠪᠥᠮᠪᠥᠭᠡᠯᠢᠭ ᠬᠤᠯᠬᠤᠪᠴᠢ ᠶᠢᠨ ᠭᠡᠷᠡᠯ ᠤᠨ ᠤᠬᠠᠭᠠᠨ ᠤ ᠴᠡᠴᠡᠷᠡᠬᠦ ᠶᠢ ᠰᠡᠷᠭᠡᠶᠢᠯᠡᠬᠦ ᠴᠠᠭᠢᠯᠭᠠᠨ ᠮᠣᠲ᠋ᠣᠷ ᠤᠨ ᠠᠵᠤ ᠦᠢᠯᠡᠳᠪᠦᠷᠢ ᠶᠢᠨ ᠲᠦᠷᠦᠯ ᠵᠦᠢᠯ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠢᠭᠯᠠᠯᠲᠠ ᠳᠤ ᠣᠷᠣᠵᠤ᠂ ᠥᠪᠥᠷ ᠮᠣᠩᠭᠤᠯ ᠤᠨ ᠡᠨᠧᠷᠭᠢ ᠶᠢᠨ ᠳᠥᠷᠪᠡᠳ ᠬᠤᠰᠢᠭᠤᠨ ᠳᠠᠬᠢ 100 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠨ ᠴᠠᠭᠢᠯᠭᠠᠨ ᠢ ᠨᠥᠭᠡᠴᠡᠯᠡᠬᠦ ᠲᠦᠷᠦᠯ ᠵᠦᠢᠯ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠤ ᠠᠵᠤ ᠦᠢᠯᠡᠳᠪᠦᠷᠢ ᠶᠢᠨ ᠲᠦᠷᠦᠯ ᠵᠦᠢᠯ ᠢ ᠴᠠᠭᠢᠯᠭᠠᠨ ᠲᠣᠣᠷ ᠲᠤ ᠨᠡᠶᠢᠯᠡᠭᠦᠯᠪᠡ ᠁ ᠡᠶᠢᠨ ᠬᠦ ᠠᠯᠢ ᠤᠯᠠᠨ ᠰᠢᠨ᠎ᠡ ᠪᠠᠷ ᠪᠠᠶᠢᠭᠤᠯᠵᠤ᠂ ᠥᠷᠭᠡᠳᠬᠡᠵᠦ ᠪᠠᠶᠢᠭᠤᠯᠤᠭᠰᠠᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠤᠯᠭᠠᠭᠤᠷᠢᠯᠠᠯ ᠳᠣᠣᠷ᠎ᠠ᠂ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.2 ᠬᠤᠪᠢ ᠳᠠᠪᠠᠵᠠᠢ᠃            ᠪᠡᠯᠡ ᠤᠷᠤᠭᠤᠯᠤᠯᠳᠠ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠃ ᠣᠷᠳᠣᠰ ᠬᠤᠳᠠ ᠶᠢᠨ ᠶᠡᠷᠦᠩᠬᠡᠢ ᠪᠡᠯᠡ ᠤᠷᠤᠭᠤᠯᠤᠯᠳᠠ ᠨᠢ 280 ᠳ᠋ᠦᠩᠰᠢᠭᠤᠷ ᠲᠥᠭᠦᠷᠢᠭ ᠢ ᠳᠠᠪᠠᠭᠤ ᠵᠢᠩ ᠤᠤ ᠭᠡᠷᠡᠯᠴᠢ ᠴᠡᠨᠡᠭ ᠤᠨ ᠪᠦᠭᠦ ᠠᠵᠤ ᠦᠢᠯᠡᠰ ᠤᠨ ᠬᠡᠯᠬᠢᠶᠡᠨ ᠤ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠵᠢᠱᠢᠶ᠎ᠡ ᠦᠵᠡᠭᠦᠯᠭᠦ ᠲᠦᠷᠦᠯ ᠵᠦᠢᠯ ᠤᠨ ᠰᠠᠭᠤᠷᠢᠨ ᠤ ᠪᠠᠷᠢᠯᠭ᠎ᠠ ᠶᠢᠨ ᠠᠬᠤᠢ ᠲᠠᠯᠠᠪᠠᠢ ᠳᠤ ᠠᠵᠢᠯᠴᠢᠳ ᠪᠣᠯᠣᠳ ᠪᠦᠲᠦᠴᠡ ᠶᠢᠨ ᠭᠤᠣᠯ ᠨᠢᠷᠤᠭᠤ ᠨᠤᠭᠤᠳ ᠢ ᠳᠡᠭᠦᠵᠢᠩ ᠢᠶᠠᠷ ᠦᠢᠯᠡᠳᠪᠦᠷᠢ ᠶᠢᠨ ᠲᠠᠰᠤᠭ ᠤᠨ ᠪᠠᠷᠢᠯᠭ᠎ᠠ ᠶᠢᠨ ᠲᠠᠯᠠᠪᠠᠢ ᠳᠤ ᠵᠥᠭᠡᠭᠡᠪᠦᠷᠢᠯᠡᠨ ᠶᠠᠭᠠᠷᠠᠯᠲᠠᠢ ᠠᠵᠢᠯᠯᠠᠨ᠎ᠠ᠃ ︽ᠮᠠᠨ ᠤ ᠲᠦᠷᠦᠯ ᠵᠦᠢᠯ ᠤᠳᠤ ᠭᠤᠣᠯ ᠦᠢᠯᠡᠳᠪᠦᠷᠢ ᠶᠢᠨ ᠲᠠᠰᠤᠭ ᠢᠶᠠᠨ ᠪᠠᠷᠢᠬᠤ ᠱᠠᠲᠤᠨ ᠳᠤ ᠣᠷᠣᠯ᠎ᠠ᠂ ᠳᠠᠩ ᠲᠠᠯᠠᠰᠲᠤ ᠴᠠᠬᠢᠭᠤᠷ ᠤᠨ ᠦᠢᠯᠡᠳᠪᠦᠷᠢ ᠶᠢᠨ ᠳᠠᠰᠤᠭ ᠠᠰᠢᠭᠯᠠᠯᠲᠠ ᠳᠤ ᠣᠷᠣᠬᠤ ᠠᠶᠠᠳᠠᠵᠤ ᠪᠠᠶᠢᠨ᠎ᠠ︾ ᠭᠡᠵᠦ ᠲᠦᠷᠦᠯ ᠵᠦᠢᠯ ᠤᠨ ᠳᠡᠳ᠋ ᠵᠠᠬᠢᠷᠤᠯ ᠲᠣᠳᠣ ᠲᠠᠨᠢᠯᠴᠠᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠵᠠᠬ᠎ᠠ ᠳᠡᠯᠭᠡᠭᠦᠷ ᠤᠨ ᠢᠷᠡᠭᠡᠳᠦᠢ ᠪᠠᠷ ᠮᠠᠰᠢ ᠰᠠᠶᠢᠨ ᠪᠠᠶᠢᠬᠤ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠳᠠᠶᠢᠴᠢᠯᠠᠯ ᠳᠣᠣᠷ᠎ᠠ᠂ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ︵ᠮᠠᠯᠵᠢᠬᠤ ᠲᠠᠷᠢᠶᠠᠯᠠᠬᠤ ᠡᠷᠦᠭᠡ ᠶᠢ ᠪᠠᠭᠲᠠᠭᠠᠬᠤ ᠦᠭᠡᠢ︶ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 17.3 ᠬᠤᠪᠢ ᠳᠠᠪᠠᠪᠠ᠃            ᠬᠡᠷᠡᠭᠯᠡᠭᠡ ᠪᠣᠯ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠵᠠᠩᠭᠢᠯᠠᠭ᠎ᠠ ᠶᠢᠨ ᠭᠤᠭᠴᠤᠭ᠎ᠠ ᠮᠥᠨ᠃ ᠡᠨᠡ ᠵᠢᠯ ᠠᠴᠠ ᠨᠠᠭᠠᠰᠢ ᠮᠠᠨ ᠤ ᠣᠷᠣᠨ ᠪᠥᠭᠡᠮ ᠲᠠᠸᠠᠷ ᠤᠨ ᠬᠡᠷᠡᠭᠯᠡᠭᠡ ᠶᠢ ᠲᠣᠭᠲᠠᠪᠤᠷᠢᠵᠢᠭᠤᠯᠬᠤ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠬᠦ᠂ ᠰᠢᠨ᠎ᠡ ᠭᠡᠯᠪᠡᠷᠢ ᠶᠢᠨ ᠬᠡᠷᠡᠭᠯᠡᠭᠡ ᠶᠢ ᠥᠷᠭᠡᠳᠬᠡᠬᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢ ᠠᠬᠢᠭᠤᠯᠬᠤ ᠵᠡᠷᠭᠡ 6 ᠲᠠᠯ᠎ᠠ ᠶᠢᠨ 21 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠨ ᠪᠠᠳᠠᠷᠠᠭᠤᠯᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠢ ᠬᠥᠭᠵᠢᠶᠡᠨ ᠲᠠᠢ ᠪᠤᠯᠭᠠᠬᠤ ᠰᠠᠭᠤᠷᠢ ᠶᠢ ᠪᠠᠲᠤᠳᠬᠠᠪᠠ᠃ ᠡᠨᠡ ᠵᠢᠯ ᠤᠨ ᠲᠦᠷᠦᠭᠦᠦ 4 ᠰᠠᠷ᠎ᠠ ᠳᠤ ᠪᠦᠭᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 1687.8 ᠳ᠋ᠦᠩᠰᠢᠭᠤᠷ ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠡᠢ᠃            ︽ᠶᠡᠷᠦᠩᠬᠡᠢ ᠳᠤᠨᠢ ᠦᠵᠡᠪᠡᠯ᠂ ᠲᠦᠷᠦᠭᠦᠦ 4 ᠰᠠᠷ᠎ᠠ ᠳᠤ ᠪᠦᠭᠦ ᠣᠷᠣᠨ ᠤ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠦᠷᠭᠦᠯᠵᠢᠯᠡᠨ ᠪᠠᠲᠤᠯᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠡᠨᠧᠷᠭᠢ ᠲᠠᠰᠤᠷᠠᠯᠳᠠ ᠦᠭᠡᠢ ᠴᠢᠩᠭᠠᠷᠠᠪᠠ︾ ᠭᠡᠵᠦ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠤᠯ ᠤᠨ ᠲᠥᠪ ᠤᠨ ᠶᠡᠷᠦᠩᠬᠡᠢ ᠠᠵᠤ ᠠᠬᠤᠶᠢᠴᠢ ᠰᠧ ᠶᠦᠩ ᠮᠧᠢ ᠶᠠᠷᠢᠵᠤ ᠪᠠᠶᠢᠯ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号