ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠴᠢᠯᠡᠨ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2024/5/30
       ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠺᠢᠨᠣ᠋ ᠶᠢᠨ ᠲᠣᠪᠴᠢᠶ᠎ᠠ᠂ ᠷᠠᠳᠢᠣ᠋ ᠲᠧᠯᠧᠶᠢᠰ ᠤᠨ ᠶᠡᠷᠦᠩᠬᠡᠢ ᠲᠣᠪᠴᠢᠶ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠬᠠᠮᠲᠤᠷᠠᠨ  ︽ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠴᠢᠯᠡᠬᠦ ᠶᠢ ᠠᠬᠢᠭᠤᠯᠤᠨ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ 2027 ᠣᠨ ᠪᠤᠯᠳᠠᠯ᠎ᠠ᠂ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ  ᠳᠠᠬᠢ ᠨᠢᠭᠡ ᠪᠦᠯᠦᠭ ᠲᠥᠬᠦᠭᠡᠷᠦᠮᠵᠢ ᠶᠢ ᠰᠢᠨᠡᠴᠢᠯᠡᠬᠦ ᠶᠢ ᠬᠥᠲᠥᠯᠥᠨ ᠵᠢᠯᠤᠭᠤᠳᠴᠤ ᠠᠬᠢᠭᠤᠯᠤᠨ᠂ ᠬᠠᠮᠢᠶ᠎ᠠ ᠪᠦᠬᠦᠢ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠳᠤᠷᠠᠳᠪᠠ᠃          ᠲᠥᠰᠥᠯ ᠳᠤ 8 ᠲᠠᠯ᠎ᠠ ᠶᠢᠨ ᠠᠵᠢᠯᠯᠠᠭ᠎ᠠ ᠶᠢ ᠪᠠᠶᠢᠷᠢᠯᠠᠭᠤᠯᠪᠠ᠃          ᠨᠢᠭᠡ ᠳᠤ᠂ ᠲᠣᠭᠤᠷᠢᠨ ᠵᠤᠭᠠᠴᠠᠬᠤ ᠲᠥᠬᠦᠭᠡᠷᠦᠮᠵᠢ ᠶᠢ ᠰᠢᠨᠡᠴᠢᠯᠡᠵᠦ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠵᠤᠭᠠᠴᠠᠭᠰᠠᠳ ᠢ ᠵᠥᠭᠡᠭᠡᠪᠦᠷᠢᠯᠡᠬᠦ ᠲᠥᠬᠦᠭᠡᠷᠦᠮᠵᠢ᠂ ᠵᠤᠭᠠᠴᠠᠨ ᠲᠣᠭᠤᠷᠢᠬᠤ ᠲᠥᠬᠦᠭᠡᠷᠦᠮᠵᠢ ᠶᠢ ᠰᠢᠨᠡᠴᠢᠯᠡᠵᠦ ᠳᠡᠰ ᠳᠡᠪᠰᠢᠭᠦᠯᠦᠨ᠎ᠡ᠃      ᠬᠤᠶᠠᠷ ᠲᠤ᠂ ᠵᠤᠭ᠎ᠠ ᠴᠡᠩᠭᠡᠯ ᠤᠨ ᠲᠥᠬᠦᠭᠡᠷᠦᠮᠵᠢ ᠶᠢ ᠰᠢᠨᠡᠴᠢᠯᠡᠵᠦ  ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃      ᠭᠤᠷᠪᠠ ᠳᠤ᠂ ᠤᠷᠠᠨ ᠰᠠᠶᠢᠬᠠᠨ ᠤ ᠲᠤᠭᠯᠠᠯᠳᠠ ᠶᠢᠨ ᠲᠥᠬᠦᠭᠡᠷᠦᠮᠵᠢ ᠶᠢ ᠰᠢᠨᠡᠴᠢᠯᠡᠵᠦ  ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃      ᠳᠥᠷᠪᠡ ᠳᠤ᠂ ᠣᠶᠤᠨᠴᠢ ᠰᠣᠶᠣᠯ ᠵᠢᠭᠤᠯᠴᠢᠯᠠᠯ ᠢ ᠥᠭᠡᠷᠡᠴᠢᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠶᠤᠨᠴᠢ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠬᠦᠭᠡᠷᠦᠮᠵᠢ᠂ ᠪᠡᠶᠡᠴᠢᠯᠡᠨ ᠣᠶᠢᠯᠠᠭᠠᠬᠤ ᠲᠥᠬᠦᠭᠡᠷᠦᠮᠵᠢ ᠶᠢ ᠰᠢᠨᠡᠳᠬᠡᠨ ᠲᠠᠰ ᠳᠡᠪᠰᠢᠭᠦᠯᠦᠨ᠎ᠡ᠃      ᠲᠠᠪᠤ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠦᠽᠧᠢ ᠶᠢᠨ ᠬᠠᠭᠤᠴᠢᠨ ᠲᠥᠬᠦᠭᠡᠷᠦᠮᠵᠢ ᠶᠢ ᠰᠣᠯᠢᠬᠤ ᠶᠢ ᠲᠦᠷᠭᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠶᠢᠨ ᠪᠠᠶᠢᠴᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠳᠡᠯᠭᠡᠨ ᠦᠵᠡᠭᠦᠯᠬᠦ ᠲᠥᠬᠦᠭᠡᠷᠦᠮᠵᠢ ᠶᠢ ᠰᠢᠨᠡᠳᠬᠡᠨ ᠳᠡᠰ ᠳᠡᠪᠰᠢᠭᠦᠯᠦᠨ᠎ᠡ᠃      ᠵᠢᠷᠭᠤᠭ᠎ᠠ ᠳᠤ᠂ ᠺᠢᠨᠣ᠋ ᠶᠢᠨ ᠠᠵᠤ ᠦᠢᠯᠡᠰ ᠢ ᠠᠬᠢᠭᠤᠯᠬᠤ ᠳᠡᠭᠡᠳᠦ ᠰᠢᠨ᠎ᠡ ᠠᠵᠢᠯᠯᠠᠭ᠎ᠠ ᠶᠢ ᠬᠡᠷᠡᠭᠵᠢᠭᠦᠯᠵᠦ᠂ ᠺᠢᠨᠣ᠋ ᠶᠢᠨ ᠰᠡᠭᠦᠳᠡᠷᠯᠡᠬᠦ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠺᠢᠨᠣ᠋ ᠦᠢᠯᠡᠳᠬᠦ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠺᠢᠨᠣ᠋ ᠭᠠᠷᠭᠠᠬᠤ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃      ᠳᠣᠯᠤᠭ᠎ᠠ ᠳᠤ᠂ ᠥᠨᠳᠥᠷ ᠲᠣᠳᠣ᠂ ᠬᠡᠲᠦ ᠥᠨᠳᠥᠷ ᠲᠣᠳᠣ ᠲᠥᠬᠦᠭᠡᠷᠦᠮᠵᠢ ᠶᠢ ᠰᠢᠨᠡᠳᠬᠡᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠡᠲᠦ ᠥᠨᠳᠥᠷ ᠲᠣᠳᠣ ᠰᠤᠪᠠᠭ ᠢᠶᠠᠷ ᠦᠢᠯᠡᠳᠴᠦ ᠨᠡᠪᠲᠡᠷᠡᠭᠦᠯᠬᠦ ᠪᠠ ᠳᠠᠮᠵᠢᠭᠤᠯᠤᠨ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠠᠭᠤᠯᠭ᠎ᠠ ᠶᠢᠨ ᠨᠡᠪᠲᠡᠷᠡᠭᠦᠯᠭᠡ ᠰᠠᠴᠤᠷᠠᠭᠤᠯᠭ᠎ᠠ ᠶᠢᠨ ᠲᠥᠬᠦᠭᠡᠷᠦᠮᠵᠢ ᠶᠢᠨ ᠲᠠᠰ ᠳᠡᠪᠰᠢᠬᠦ ᠶᠢ ᠲᠦᠷᠭᠡᠳᠬᠡᠨ᠎ᠡ᠃      ᠨᠠᠢᠮᠠ ᠳᠤ᠂ ᠲᠡᠦᠬᠡ ᠰᠣᠶᠣᠯ ᠤᠨ ᠨᠡᠷᠡᠲᠦ ᠬᠤᠲᠠ ᠪᠠ ᠵᠡᠭᠡᠯᠢ ᠲᠣᠭᠤᠷᠢᠭ ᠢ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠬᠠᠮᠠᠭᠠᠯᠠᠯᠲᠠ ᠬᠠᠮᠢᠶᠠᠷᠤᠯᠲᠠ ᠪᠠ ᠬᠢᠨᠠᠨ ᠬᠡᠮᠵᠢᠬᠦ ᠲᠥᠬᠦᠭᠡᠷᠦᠮᠵᠢ ᠶᠢ ᠰᠢᠨᠡᠳᠬᠡᠨ ᠳᠡᠰ ᠳᠡᠪᠰᠢᠭᠦᠯᠦᠨ᠎ᠡ᠃            ᠲᠥᠰᠥᠯ ᠳᠤ᠂ ᠡᠯ᠎ᠡ ᠭᠠᠵᠠᠷ ᠤᠨ ᠬᠢᠨ ᠤᠯᠠᠨ ᠠᠷᠭ᠎ᠠ ᠵᠠᠮ ᠢᠶᠠᠷ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠢᠳᠡᠪᠬᠢᠲᠡᠢ ᠳᠡᠮᠵᠢᠯᠭᠡ ᠦᠵᠡᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠬᠦᠷᠢᠶ᠎ᠡ ᠴᠠᠷᠠᠭ᠎ᠠ ᠳᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠥᠪᠡᠷ ᠤᠨ ᠪᠡᠯᠡ ᠮᠥᠩᠭᠦ ᠢᠶᠠᠨ ᠲᠥᠬᠦᠭᠡᠷᠦᠮᠵᠢ  ᠪᠠᠨ ᠰᠢᠨᠡᠳᠬᠡᠬᠦ ᠳᠤ ᠢᠳᠡᠪᠬᠢᠲᠡᠢ ᠬᠡᠷᠡᠭᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠭᠤᠣᠯᠳᠠᠯᠭ᠎ᠠ ᠲᠠᠢ ᠲᠥᠷᠥᠯ ᠵᠦᠢᠯ ᠢ ᠤᠷᠲᠤ ᠬᠤᠭᠤᠴᠠᠭᠠᠨ ᠤ ᠤᠨᠴᠠᠭᠠᠢ ᠤᠯᠤᠰ ᠤᠨ ᠵᠢᠭᠡᠯᠡᠯᠭᠡ ᠵᠡᠷᠭᠡ ᠪᠡᠯᠡ ᠮᠥᠩᠭᠦ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠢ᠂ ᠬᠤᠳᠠᠯᠳᠤᠭᠠᠨ ᠤ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠳᠤ ᠳᠡᠮᠵᠢᠯᠭᠡ ᠦᠵᠡᠭᠦᠯᠬᠦ ᠶᠢ ᠴᠢᠩᠭᠠᠳᠬᠠᠨ᠎ᠠ ᠭᠡᠵᠦ ᠲᠣᠳᠣᠷᠬᠠᠶᠢᠯᠠᠵᠠᠢ᠃
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号