| | ︵ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠶᠠᠩ ᠵᠠᠨ ᠰᠢᠶᠦ᠋ᠩ︶ 2024 ᠣᠨ ᠳᠤ᠂ ᠮᠠᠨ ᠤ ᠬᠤᠲᠠ | ︽ᠲᠠᠪᠤᠨ ᠲᠦᠮᠡᠨ ᠣᠶᠤᠲᠠᠨ ᠤ ᠬᠥᠬᠡᠬᠤᠲᠠ ᠳᠤ ᠦᠯᠡᠳᠡᠭᠡᠬᠦ︾ ᠲᠤᠰᠬᠠᠢ ᠠᠵᠢᠯᠯᠠᠭ᠎ᠠ ᠶᠢ ᠡᠬᠢᠯᠡᠭᠦᠯᠵᠦ᠂ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠨᠠᠢᠮᠠᠨ | ᠵᠦᠢᠯ ᠤᠨ ᠠᠵᠢᠯᠯᠠᠭ᠎ᠠ︾ ᠶᠢ ᠬᠡᠷᠡᠭᠵᠢᠭᠦᠯᠬᠦ ᠪᠠᠷ ᠳᠠᠮᠵᠢᠭᠤᠯᠤᠨ ᠣᠶᠤᠲᠠᠨ ᠬᠥᠬᠡᠬᠤᠲᠠ ᠳᠤ ᠢᠷᠡᠬᠦ᠂ ᠬᠥᠬᠡᠬᠤᠲᠠ ᠳᠤ | ᠪᠤᠴᠠᠬᠤ᠂ ᠬᠥᠬᠡᠬᠤᠲᠠ ᠳᠤ ᠦᠯᠡᠳᠡᠵᠦ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠪᠠ᠃ 1 - 4 | ᠳ᠋ᠦ᠋ᠭᠡᠷ ᠰᠠᠷ᠎ᠠ ᠳᠤ ᠪᠦᠬᠦ ᠬᠤᠲᠠ ᠳᠤ 1.3 ᠲᠦᠮᠡᠨ ᠣᠶᠤᠲᠠᠨ ᠬᠥᠬᠡᠬᠤᠲᠠ ᠳᠤ ᠦᠯᠡᠳᠡᠨ ᠠᠵᠢᠯ ᠣᠯᠪᠠ᠃ | | | ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠪᠡ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ᠂ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ᠂ ᠳᠤᠮᠳᠠ ᠵᠢᠵᠢᠭ ᠠᠵᠤ ᠠᠬᠤᠶᠢᠯᠠᠯ ᠤᠨ | ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ | ᠤᠯᠠᠮ ᠨᠢᠭᠡ ᠠᠯᠬᠤᠮ ᠬᠥᠩᠭᠡᠷᠡᠭᠦᠯᠪᠡ᠃ 1 - 4 ᠳ᠋ᠦ᠋ᠭᠡᠷ ᠰᠠᠷ᠎ᠠ ᠳᠤ᠂ ᠪᠦᠬᠦ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ 38 ᠰᠢᠨ᠎ᠡ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ | 360 ᠪᠣᠯᠪᠠ︔ 29 ᠠᠵᠤ ᠠᠬᠤᠶᠢᠯᠠᠯ ᠳᠤ 2.03 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠵᠤ᠂ 1.2 | ᠲᠦᠮᠡ ᠭᠠᠷᠤᠢ ᠬᠥᠮᠥᠨ ᠳᠤ ᠲᠣᠭᠲᠠᠪᠤᠷᠢᠲᠠᠢ ᠠᠵᠢᠯ ᠣᠯᠭᠤᠬᠤ ᠶᠢ ᠠᠬᠢᠭᠤᠯᠪᠠ︔ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ 74 ᠶᠢ ᠰᠢᠨ᠎ᠡ ᠪᠠᠷ ᠲᠠᠲᠠᠨ ᠠᠪᠴᠢᠷᠠᠵᠤ᠂ 91.01 ᠳ᠋ᠦᠩᠰᠢᠭᠤᠷ ᠲᠥᠭᠦᠷᠢᠭ ᠤᠨ | ᠪᠣᠳᠠᠲᠠᠢ ᠪᠡᠯᠡ ᠮᠥᠩᠭᠦ ᠣᠷᠣᠭᠤᠯᠵᠤ᠂ ᠦᠢᠯᠡᠳᠬᠦ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠳᠤ ᠶᠡᠭᠡ | ᠬᠡᠮᠵᠢᠶᠡᠨ ᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ | | | ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠨᠢᠭᠦᠯᠪᠡ᠃ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠤᠷᠢᠨ ᠡᠯᠰᠡᠬᠦ | ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠪᠡ᠃ ᠣᠳᠣᠬᠠᠨ ᠪᠣᠯᠲᠠᠯ᠎ᠠ᠂ ᠬᠤᠲᠠ ᠲᠣᠭᠤᠷᠢᠭ ᠬᠤᠶᠠᠷ ᠱᠠᠲᠤᠨ ᠤ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠡᠯ᠎ᠡ ᠲᠥᠷᠥᠯ ᠤᠨ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ ᠨᠡᠶᠢᠲᠡ 73 ᠲᠠᠯᠠᠪᠤᠷ | ᠡᠷᠭᠢᠯᠡᠵᠦ᠂ ᠡᠯ᠎ᠡ ᠲᠥᠷᠥᠯ ᠤᠨ ᠠᠵᠤ ᠠᠬᠤᠶᠢᠯᠠᠯ ᠢ 4518 ᠤᠳᠠᠭ᠎ᠠ ᠭᠥᠯᠢᠶᠡᠨ ᠠᠪᠴᠤ᠂ 9. 42 ᠲᠦᠮᠡᠨ | ᠠᠵᠢᠯ ᠤᠨ ᠪᠠᠶᠢᠷᠢ ᠬᠠᠩᠭᠠᠵᠤ᠂ ᠲᠠᠯᠠᠪᠤᠷ ᠲᠤ ᠣᠷᠣᠭᠰᠠᠨ ᠵᠢᠴᠢ ᠬᠤᠷᠠᠯ ᠳᠤ ᠣᠷᠣᠯᠴᠠᠭᠰᠠᠨ ᠬᠥᠮᠥᠨ ᠤ ᠲᠤᠭ᠎ᠠ | 43.3 ᠲᠦᠮᠡᠨ ᠬᠥᠮᠥᠨ ᠤᠳᠠᠭ᠎ᠠ ᠬᠦᠷᠴᠡᠢ᠃ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ | ᠰᠠᠭᠤᠷᠢᠨ ᠭᠠᠵᠠᠷ ᠲᠤ ᠲᠦᠰᠢᠭᠯᠡᠨ 246 ᠲᠠᠯᠠᠪᠤᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠵᠢᠯᠯᠠᠭ᠎ᠠ | ᠥᠷᠨᠢᠭᠦᠯᠵᠦ᠂ ᠨᠡᠶᠢᠲᠡ 4192 ᠠᠵᠢᠯᠲᠠᠨ ᠡᠯᠰᠡᠬᠦ ᠠᠵᠤ ᠠᠬᠤᠶᠢᠯᠠᠯ ᠣᠷᠣᠯᠴᠠᠵᠤ᠂ 4.8 ᠲᠦᠮᠡᠨ ᠠᠵᠢᠯ ᠤᠨ | ᠪᠠᠶᠢᠷᠢ ᠬᠠᠩᠭᠠᠵᠤ᠂ 6 ᠲᠦᠮᠡᠨ ᠬᠥᠮᠥᠨ ᠤᠳᠠᠭ᠎ᠠ ᠰᠢᠭᠤᠳ ᠨᠡᠪᠲᠡᠷᠡᠭᠦᠯᠭᠡ ᠶᠢ ᠦᠵᠡᠵᠦ᠂ ᠰᠦᠯᠵᠢᠶᠡᠨ ᠳᠡᠭᠡᠷ᠎ᠡ | 8389 ᠬᠥᠮᠥᠨ ᠠᠵᠢᠯ ᠣᠯᠬᠤ ᠰᠠᠨᠠᠮᠵᠢ ᠲᠣᠭᠲᠠᠪᠠ᠃ ᠤᠷᠢᠳ ᠬᠤᠵᠢᠳ 611 ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠶᠡᠭᠡ ᠳᠡᠭᠡᠳᠦ ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ | ᠬᠢᠵᠦ᠂ 2.12 ᠲᠦᠮᠡᠨ ᠠᠵᠢᠯ ᠤᠨ ᠪᠠᠶᠢᠷᠢ ᠬᠠᠩᠭᠠᠪᠠ᠃ | | | ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ︽ᠮᠡᠷᠭᠡᠵᠢᠯ ᠴᠢᠳᠠᠪᠤᠷᠢ ᠶᠢᠨ | ᠬᠦᠬᠡᠬᠤᠲᠠ︾ ᠶᠢᠨ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠤᠰᠬᠠᠢ ᠲᠥᠯᠥᠪᠯᠡᠭᠡ ᠶᠢ ᠠᠬᠢᠭᠤᠯᠤᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ ᠪᠣᠯᠣᠨ ᠪᠤᠰᠤᠳ ᠵᠠᠯᠠᠭᠤᠴᠤᠳ ᠤᠨ ᠠᠵᠢᠯ ᠣᠯᠵᠤ ᠠᠲᠠᠯ ᠦᠢᠯᠡᠰ ᠴᠣᠭᠴᠠᠯᠠᠬᠤ | ᠴᠢᠳᠠᠪᠤᠷᠢ ᠶᠢ ᠳᠡᠭᠡᠭᠰᠢᠯᠡᠬᠦᠯᠬᠦ ᠪᠠᠷ ᠭᠤᠣᠯ ᠪᠤᠯᠭᠠᠵᠦ᠂ ᠰᠢᠨ᠎ᠡ ᠠᠵᠢᠯ ᠮᠡᠷᠭᠡᠵᠢᠯ᠂ ᠰᠢᠨ᠎ᠡ ᠮᠡᠷᠭᠡᠵᠢᠯ ᠴᠢᠳᠠᠪᠤᠷᠢ ᠪᠠ | ᠰᠢᠨ᠎ᠡ ᠠᠵᠢᠯ ᠣᠯᠭᠤᠬᠤ ᠭᠡᠯᠪᠡᠷᠢ ᠪᠠᠶᠢᠳᠠᠯ ᠲᠠᠢ ᠤᠶᠠᠯᠳᠤᠭᠤᠯᠤᠨ᠂ ᠬᠢᠮᠡᠯ ᠤᠶᠤᠨ᠂ ᠵᠠᠭᠤᠴᠢᠯᠠᠭᠤᠷ ᠤᠨ | ᠠᠵᠢᠯᠯᠠᠭᠠᠨ᠂ ᠲᠣᠣᠷ ᠰᠦᠯᠵᠢᠶ᠎ᠡ ᠶᠢᠨ ᠡᠵᠡᠩᠨᠡᠨ ᠪᠣᠷᠣᠯᠠᠭᠤᠯᠬᠤ ᠵᠡᠷᠭᠡ ᠰᠢᠨ᠎ᠡ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠢ ᠥᠷᠨᠢᠭᠦᠯᠵᠦ᠂ ᠵᠠᠯᠠᠭᠤᠴᠤᠳ ᠤᠨ ᠠᠵᠤ ᠦᠢᠯᠡᠰ ᠤᠨ ᠬᠥᠭᠵᠢᠯᠲᠡ᠂ ᠠᠵᠢᠯ ᠤᠨ ᠪᠠᠶᠢᠷᠢ ᠶᠢᠨ | ᠬᠡᠷᠡᠭᠴᠡᠭᠡ ᠱᠠᠭᠠᠷᠳᠠᠯᠭ᠎ᠠ ᠪᠠ ᠦᠨᠳᠦᠰᠦᠨ ᠱᠠᠲᠤᠨ ᠳᠤ ᠠᠵᠢᠯ ᠣᠯᠭᠤᠯᠲᠠ ᠳᠤ ᠲᠣᠬᠢᠷᠠᠬᠤ ᠴᠢᠳᠠᠪᠤᠷᠢ ᠶᠢ | ᠪᠦᠳᠦᠮᠵᠢᠳᠡᠢ ᠴᠢᠩᠭᠠᠷᠠᠭᠤᠯᠪᠠ᠃ ᠣᠲᠣ ᠪᠣᠯᠲᠠᠯ᠎ᠠ᠂ ᠨᠢᠭᠡᠨᠲᠡ 2775 ᠬᠥᠮᠥᠨ ᠤᠳᠠᠭ᠎ᠠ ᠪᠣᠯᠪᠠᠰᠤᠷᠠᠭᠤᠯᠵᠠᠢ᠃ | | | | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠪᠡ᠃ ᠤᠯᠤᠰ ᠤᠨ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠪᠡ᠃ 27 ᠵᠦᠢᠯ ᠤᠨ ᠭᠤᠶᠤᠴᠢᠯᠠᠨ | ᠮᠡᠳᠡᠭᠦᠯᠬᠦ ᠠᠵᠢᠯ ᠢ ᠨᠠᠷᠢᠨ ᠬᠤᠪᠢᠶᠠᠵᠤ᠂ ᠪᠣᠳᠠᠲᠠᠢ ᠠᠵᠢᠯᠲᠠᠨ ᠨᠢᠭᠡᠪᠦᠷᠢ ᠶᠢ ᠲᠣᠳᠣᠷᠬᠠᠶᠢᠯᠠᠨ᠂ ᠴᠠᠭ ᠲᠤᠬᠠᠢ ᠳᠤᠨᠢ | ᠬᠤᠷᠠᠯ ᠬᠤᠷᠠᠯᠳᠤᠭᠤᠯᠵᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠵᠦᠢᠯ ᠤᠨ | ᠠᠵᠢᠯ ᠢ ᠪᠠᠴᠢᠮ ᠪᠥᠭᠡᠳ ᠡᠮᠬᠢ ᠵᠢᠷᠤᠮ ᠲᠠᠢ ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 21 ᠵᠦᠢᠯ ᠢ ᠪᠡᠶᠡᠯᠡᠭᠦᠯᠵᠦ᠂ | 6 ᠵᠦᠢᠯ ᠢ ᠦᠷᠭᠦᠯᠵᠢᠯᠡᠨ ᠠᠬᠢᠭᠤᠯᠵᠤ ᠪᠠᠶᠢᠨ᠎ᠠ᠃ | | | ᠦᠢᠯᠡᠰ ᠪᠣᠰᠬᠠᠬᠤ ᠳᠤ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠪᠡ᠃ ᠦᠢᠯᠡᠰ ᠪᠣᠰᠬᠠᠬᠤ ᠪᠣᠯᠪᠠᠰᠤᠷᠠᠭᠤᠯᠤᠯ | ︵ᠳᠠᠳᠤᠯᠭ᠎ᠠ ᠪᠣᠯᠪᠠᠰᠤᠷᠠᠭᠤᠯᠤᠯ︶ ᠪᠠ ᠰᠦᠯᠵᠢᠶᠡᠨ ᠳᠡᠭᠡᠷᠡᠬᠢ ᠦᠢᠯᠡᠰ ᠪᠣᠰᠬᠠᠬᠤ ᠪᠣᠯᠪᠠᠰᠤᠷᠠᠭᠤᠯᠤᠯ ᠢ ᠥᠷᠨᠢᠭᠦᠯᠵᠦ᠂ | 245 ᠣᠶᠤᠲᠠᠳ ᠢ ᠪᠣᠯᠪᠠᠰᠤᠷᠠᠭᠤᠯᠵᠤ᠂ ᠵᠠᠯᠠᠭᠤᠴᠤᠳ ᠢ ᠬᠠᠪᠰᠤᠷᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ | ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠵᠠᠯᠠᠭᠤᠴᠤᠳ ᠤᠨ ᠠᠵᠢᠯ ᠮᠡᠷᠭᠡᠵᠢᠯ ᠤᠨ ᠳᠡᠭᠡᠭᠰᠢᠯᠡᠯᠲᠡ ᠶᠢᠨ | ᠵᠠᠮ ᠢ ᠨᠡᠪᠲᠡᠷᠡᠭᠦᠯᠪᠡ᠃ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠠᠵᠢᠯᠯᠠᠭ᠎ᠠ ᠶᠢ ᠬᠡᠷᠡᠭᠵᠢᠭᠦᠯᠪᠡ᠃ | 416 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠵᠤ ︽ᠪᠦᠯᠬᠦᠮ ᠮᠠᠶ᠋ᠢᠭ︾ ᠢᠶᠠᠷ | ᠪᠡᠭᠡᠵᠢᠩ᠂ ᠬᠠᠷᠪᠢᠨ᠂ ᠴᠠᠩᠴᠦ᠋ᠨ᠂ ᠮᠦᠭᠳᠡᠨ ᠵᠡᠷᠭᠡ ᠬᠤᠲᠠ ᠳᠤ ᠴᠢᠳᠠᠪᠤᠷᠢᠲᠠᠨ ᠡᠯᠰᠡᠬᠦ ᠠᠵᠢᠯᠯᠠᠭ᠎ᠠ ᠥᠷᠨᠢᠭᠦᠯᠵᠦ᠂ | ᠨᠡᠶᠢᠲᠡ 10006 ᠰᠢᠯᠢᠳᠡᠭ ᠠᠵᠢᠯ ᠤᠨ ᠪᠠᠶᠢᠷᠢ ᠬᠠᠩᠭᠠᠵᠤ᠂ 2300 ᠭᠠᠷᠤᠢ ᠬᠥᠮᠥᠨ ᠠᠩᠬ᠎ᠠ ᠠᠯᠬᠤᠮ | ᠰᠠᠨᠠᠮᠵᠢ ᠲᠠᠢ ᠪᠣᠯᠪᠠ᠃ | | | ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠪᠡ᠃ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠰᠦᠯᠵᠢᠶ᠎ᠡ᠂ ᠨᠡᠶᠢᠲᠡ ᠶᠢᠨ ᠳ᠋ᠤᠭᠠᠷ ᠵᠡᠷᠭᠡ | ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ ᠬᠠᠮᠤᠭ ᠤᠨ ᠰᠢᠨ᠎ᠡ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ | ᠠᠵᠢᠯ ᠡᠷᠢᠭᠰᠡᠳ ᠤᠨ ᠬᠠᠷᠠᠭᠠᠨ ᠳᠤ ᠬᠦᠷᠭᠡᠪᠡ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ | ᠰᠤᠷᠭᠠᠭᠤᠯᠢ ᠲᠠᠢ ᠢᠳᠡᠪᠬᠢᠲᠡᠢ ᠵᠣᠯᠭᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 10 ᠲᠠᠯᠠᠪᠤᠷ | ᠥᠷᠨᠢᠭᠦᠯᠵᠦ᠂ 4000 ᠭᠠᠷᠤᠢ ᠠᠵᠢᠯ ᠤᠨ ᠪᠠᠶᠢᠷᠢ ᠬᠠᠩᠭᠠᠨ᠂ ᠠᠵᠢᠯ ᠡᠷᠢᠬᠦ ᠪᠠ ᠠᠵᠢᠯᠲᠠᠨ ᠡᠯᠰᠡᠬᠦ ᠳᠤ ᠨᠡᠶᠢᠲᠡ | 3.8 ᠲᠦᠮᠡᠨ ᠬᠥᠮᠥᠨ ᠤᠳᠠᠭ᠎ᠠ ᠣᠷᠣᠯᠴᠠᠪᠠ᠃ | | | ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯᠯᠠᠭ᠎ᠠ ᠶᠢ ᠬᠡᠷᠡᠭᠵᠢᠭᠦᠯᠪᠡ᠃ ᠡᠨᠡ ᠵᠢᠯ ᠠᠴᠠ | ᠨᠠᠭᠠᠰᠢ ᠨᠢᠭᠡᠨᠲᠡ 319 ᠨᠡᠷᠡᠰ ︵ᠭᠡᠷ ᠬᠤᠳᠠᠯᠳᠤᠨ ᠠᠪᠬᠤ 168 ᠬᠥᠮᠥᠨ᠂ ᠭᠡᠷ ᠲᠦᠷᠢᠶᠡᠰᠦᠯᠡᠬᠦ 151 ᠬᠥᠮᠥᠨ︶ | ᠲᠡᠭᠦᠰᠦᠭᠰᠡᠨ ᠰᠤᠷᠤᠭᠴᠢᠳ ᠲᠤ ᠭᠡᠷ ᠲᠦᠷᠢᠶᠡᠰᠦᠯᠡᠵᠦ ᠭᠡᠷ ᠬᠤᠳᠠᠯᠳᠤᠨ ᠠᠪᠬᠤ ᠨᠥᠬᠦᠪᠦᠷᠢ 666 ᠲᠦᠮᠡᠨ | ᠲᠥᠭᠦᠷᠢᠭ ︵ᠭᠡᠷ ᠬᠤᠳᠠᠯᠳᠤᠨ ᠠᠪᠬᠤ 547 ᠲᠦᠮᠡᠨ ᠲᠥᠭᠦᠷᠢᠭ᠂ ᠭᠡᠷ ᠲᠦᠷᠢᠶᠡᠰᠦᠯᠡᠬᠦ 119 ᠲᠦᠮᠡᠨ | ᠲᠥᠭᠦᠷᠢᠭ︶ ᠲᠠᠷᠬᠠᠭᠠᠵᠤ᠂ ᠡᠭᠦᠨ ᠠᠴᠠ ᠭᠠᠳᠠᠨ᠎ᠠ 371 ᠬᠥᠮᠥᠨ ᠢ ᠨᠢᠭᠡᠨᠲᠡ ᠬᠢᠨᠠᠨ ᠬᠠᠷᠭᠤᠭᠤᠯᠵᠤ ᠪᠠᠲᠤᠯᠠᠭᠠᠳ᠂ | ᠣᠶᠢᠷ᠎ᠠ ᠶᠢᠨ ᠬᠤᠭᠤᠴᠠᠭᠠᠨ ᠳᠤ ᠲᠠᠷᠬᠠᠭᠠᠬᠤ ᠪᠠᠷ ᠪᠠᠶᠢᠨ᠎ᠠ᠃ ᠡᠭᠦᠨ ᠤ ᠬᠠᠮᠲᠤ᠂ ᠭᠡᠷ ᠪᠠᠶᠢᠰᠢᠩ ᠲᠦᠷᠢᠶᠡᠰᠦᠯᠡᠵᠦ | ᠬᠤᠳᠠᠯᠳᠤᠨ ᠠᠪᠬᠤ ᠨᠥᠬᠦᠪᠦᠷᠢ ᠶᠢ ᠬᠥᠬᠡᠬᠤᠲᠠ ᠶᠢᠨ ᠴᠢᠳᠠᠪᠤᠷᠢᠲᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠠᠪᠴᠠᠩ ᠳᠤ ᠣᠷᠣᠭᠤᠯᠤᠨ ᠭᠥᠯᠢᠶᠡᠨ ᠠᠪᠴᠤ ᠰᠢᠢᠳᠪᠦᠷᠢᠯᠡᠵᠦ᠂ ᠣᠳᠣᠬᠠᠨ ᠳᠤ ᠲᠠᠪᠴᠠᠩ ᠨᠢᠭᠡᠨᠲᠡ ᠢᠯᠡ | ᠰᠣᠷᠢᠯᠲᠠ ᠶᠢᠨ ᠱᠠᠲᠤᠨ ᠳᠤ ᠣᠷᠣᠵᠤ᠂ ᠣᠶᠢᠷ᠎ᠠ ᠳᠤ ᠵᠢᠩᠬᠢᠨᠢ ᠪᠠᠷ ᠰᠦᠯᠵᠢᠶᠡᠨ ᠳᠡᠭᠡᠷ᠎ᠡ ᠭᠠᠷᠴᠤ ᠠᠵᠢᠯᠯᠠᠨ᠎ᠠ᠃ | |