ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠥᠪᠥᠷ ᠮᠣᠩᠭᠤᠯ ᠤᠨ ᠰᠢᠶᠠᠩ ᠶᠣᠣ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠰᠠᠭᠤᠨ ᠯᠠᠪᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠣᠷᠣᠯᠠᠨ ᠳᠠᠩᠰᠠᠯᠠᠬᠤ ᠠᠵᠢᠯ ᠡᠷᠬᠢᠯᠡᠬᠦ ᠵᠥᠪᠰᠢᠶᠡᠷᠡᠯ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2024/5/6
     ᠰᠠᠶᠢᠬᠠᠨ ᠲᠣᠭᠤᠷᠢᠭ ᠤᠨ ᠣᠷᠣᠯᠠᠨ ᠳᠠᠩᠰᠠᠯᠠᠬᠤ ᠪᠠᠶᠢᠭᠤᠯᠤᠮᠵᠢ᠄            2024 ᠣᠨ ᠤ 4 ᠰᠠᠷ᠎ᠠ ᠶᠢᠨ 30 ᠤ ᠡᠳᠦᠷ ᠤᠨ 17᠄ 00 ᠪᠣᠯᠲᠠᠯ᠎ᠠ ᠲᠠᠨ ᠤ ᠨᠢᠭᠡᠴᠡ ᠶᠢᠨ ᠳᠠᠩᠰᠠᠯᠠᠭᠤᠯᠤᠭᠰᠠᠨ ᠦᠭᠡᠢ᠂ ᠬᠠᠷᠢᠯᠴᠠᠬᠤ ᠠᠷᠭ᠎ᠠ ᠮᠠᠶ᠋ᠢᠭ ᠨᠢ ᠬᠡᠪ ᠤᠨ ᠪᠤᠰᠤ ᠤᠴᠢᠷ ᠠᠴᠠ ︽ᠣᠷᠣᠯᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 98 ᠳ᠋ᠤᠭᠠᠷ ᠲᠣᠭᠠᠲᠤ︶ ᠤᠨ ᠲᠣᠭᠲᠠᠭᠠᠭᠰᠠᠨ ᠣᠷᠣᠯᠠᠨ ᠳᠠᠩᠰᠠᠯᠠᠬᠤ ᠠᠵᠢᠯ ᠡᠷᠭᠢᠯᠡᠬᠦ ᠵᠥᠪᠰᠢᠶᠡᠷᠡᠯ ᠤᠨ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ ᠦᠭᠡᠢ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳ᠋ᠢᠶᠠᠩᠬᠤᠸᠠ ᠶᠢᠨ ᠬᠡᠯᠪᠡᠷᠢ ᠪᠠᠷ ᠲᠠᠨ ᠤ ᠨᠢᠭᠡᠴᠡ ᠳᠤ ᠬᠠᠷᠢᠯᠴᠠᠵᠤ ᠴᠢᠳᠠᠭᠰᠠᠨ ᠦᠭᠡᠢ ᠪᠤᠶᠤ ᠴᠢᠮ᠎ᠠ ᠳᠤ ᠬᠡᠯᠡᠵᠦ ᠥᠭᠭᠦᠭᠰᠡᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠤᠭᠰᠠᠨ ᠦᠭᠡᠢ᠃ ︽ᠣᠷᠣᠯᠠᠨ ᠲᠠᠩᠰᠠ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 98 ᠳ᠋ᠤᠭᠠᠷ ᠲᠣᠭᠠᠲᠤ︶ ᠤᠨ ᠬᠤᠷᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠰᠢᠶᠠᠩ ᠶᠣᠣ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 12 ᠣᠷᠣᠯᠠᠨ ᠲᠠᠩᠰᠠ ᠲᠡᠮᠳᠡᠭᠯᠡᠵᠦ ᠠᠵᠢᠯ ᠡᠷᠭᠢᠯᠡᠬᠦ ᠵᠥᠪᠰᠢᠶᠡᠷᠡᠯ ᠢ ᠬᠦᠴᠦᠨ ᠦᠭᠡᠢ ᠪᠣᠯᠭᠠᠬᠤ ᠪᠠᠷ ᠲᠣᠭᠲᠠᠪᠠ᠃          ᠲᠠᠨ ᠤ ᠨᠢᠭᠡᠴᠢ 20 ᠤ ᠡᠳᠦᠷ ᠤᠨ ᠳᠣᠲᠣᠷ᠎ᠠ ᠤᠤᠯ ᠤᠨ ᠣᠷᠣᠯᠠᠨ ᠳᠠᠩᠰᠠᠯᠠᠬᠤ ᠵᠥᠪᠰᠢᠶᠡᠷᠡᠯ ᠤᠨ ᠦᠨᠡᠮᠯᠡᠯ ᠢᠶᠠᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠨᠢᠭᠲᠠᠯᠠᠨ ᠪᠤᠳᠤᠬᠤ ᠦᠢᠯᠡᠴᠢᠯᠡᠭᠡᠨ ᠤ ᠲᠥᠪ ᠲᠤ ᠪᠤᠴᠠᠭᠠᠵᠤ  ᠦᠭᠭᠦᠨ᠎ᠡ᠃ ᠲᠤᠬᠠᠶᠢᠯᠠᠪᠠᠯ ᠡᠳᠦᠷ ᠠᠴᠠ ᠡᠬᠢᠯᠡᠨ ᠣᠷᠣᠯᠠᠨ ᠳᠠᠩᠰᠠ ᠲᠡᠮᠳᠡᠭᠯᠡᠬᠦ ᠪᠠᠶᠢᠭᠤᠯᠤᠮᠵᠢ ᠶᠢᠨ ᠨᠡᠷ᠎ᠡ ᠪᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ ᠪᠣᠯᠬᠤ ᠦᠭᠡᠢ᠃                   ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠳ᠋  ᠤᠨ ᠵᠠᠰᠠᠭ ᠤᠨ ᠲᠣᠪᠴᠢᠶ᠎ᠠ                                2024 ᠣᠨ ᠤ 4 ᠰᠠᠷ᠎ᠠ ᠶᠢᠨ 30 ᠤ ᠡᠳᠦᠷᠳᠠᠭᠠᠯᠳᠤᠭᠤᠯᠤᠯ᠄          2024 ᠣᠨ ᠳᠤ ᠠᠵᠢᠯ ᠡᠷᠭᠢᠯᠡᠬᠦ ᠵᠥᠪᠰᠢᠶᠡᠷᠡᠯ ᠢ ᠬᠦᠴᠦᠨ ᠦᠭᠡᠢ ᠪᠣᠯᠭᠠᠭᠰᠠᠨ 12 ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠨᠡᠷᠡᠰ᠂ xlsx            ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号