ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 31.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/6
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠤᠯᠠᠷᠢᠯ ᠳᠤ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ︵ᠮᠠᠯᠵᠢᠬᠤ ᠲᠠᠷᠢᠶᠠᠯᠠᠬᠤ ᠡᠷᠦᠭᠡ  ᠶᠢ ᠪᠠᠭᠲᠠᠭᠠᠬᠤ ᠦᠭᠡᠢ︶ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠵᠦ᠂ 2022 ᠣᠨ ᠤ ᠡᠬᠢᠨ ᠠᠴᠠ ᠨᠠᠭᠠᠰᠢ ᠬᠤᠶᠠᠷ ᠣᠷᠣᠨᠲᠤ ᠲᠤᠭ᠎ᠠ ᠪᠠᠷ ᠥᠨᠳᠥᠷ ᠬᠤᠷᠳᠤᠴᠠ ᠪᠠᠷ ᠨᠡᠮᠡᠭᠳᠡᠬᠦ ᠬᠠᠨᠳᠤᠰᠢ ᠪᠠᠨ ᠦᠷᠭᠦᠯᠵᠢᠯᠡᠨ ᠪᠠᠲᠤᠯᠠᠪᠠ᠃      ᠲᠦᠷᠦᠭᠦᠦ ᠤᠯᠠᠷᠢᠯ ᠳᠤ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠥᠨᠳᠥᠷ ᠬᠤᠷᠳᠤᠴᠠ ᠪᠠᠷ ᠨᠡᠮᠡᠭᠳᠡᠭᠰᠡᠨ ᠤ ᠭᠤᠣᠯ ᠰᠢᠯᠲᠠᠭᠠᠨ ᠨᠢ ︽ᠳᠦᠷᠪᠡᠨ ᠡᠷᠴᠢᠮᠲᠡᠢ ᠲᠤᠯᠭᠠᠭᠤᠷᠢᠯᠠᠯ︾ ᠪᠠᠶᠢᠭᠰᠠᠨ ᠳᠤ ᠪᠤᠢ᠃ ᠲᠦᠷᠦ ᠶᠢᠨ ᠪᠣᠳᠣᠯᠭ᠎ᠠ ᠶᠢᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠡᠶᠢᠲᠡᠯᠡᠭᠰᠡᠨ  ᠠᠴᠠ ᠨᠠᠭᠠᠰᠢ᠂ ᠣᠷᠣᠨ ᠳᠠᠶᠠᠭᠠᠷ ᠢᠶᠠᠨ ᠡᠨᠡ ᠬᠦ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠵᠠ ᠳᠤᠭᠢᠶᠠᠯ ᠢ ᠴᠢᠩᠭ᠎ᠠ ᠠᠳᠬᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠠᠢ᠃ ᠡᠭᠦᠨ ᠤ ᠵᠡᠷᠭᠡ  ᠪᠠᠷ ᠤᠯᠤᠰ ᠤᠨ ᠡᠯ᠎ᠡ ᠶᠠᠮᠤᠨ ᠵᠥᠪᠯᠡᠯ ᠤᠨ ᠬᠢᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠳᠤ ᠢᠵᠢ ᠪᠦᠷᠢᠳᠦᠭᠦᠯᠦᠨ ᠭᠠᠷᠭᠠᠭᠰᠠᠨ ᠲᠦᠷᠦ ᠶᠢᠨ ᠪᠣᠳᠣᠯᠭ᠎ᠠ ᠨᠤᠭᠤᠳ ᠨᠢ ᠪᠠᠰᠠ ᠮᠠᠨ ᠤ ᠣᠷᠣᠨ ᠳᠠᠬᠢ ᠪᠡᠯᠡ ᠤᠷᠤᠭᠤᠯᠤᠯᠳᠠ ᠪᠠ ᠪᠦᠲᠦᠭᠡᠨ ᠪᠠᠶᠢᠭᠤᠯᠤᠯᠲᠠ ᠳᠤ ᠲᠦᠷᠦ ᠶᠢᠨ ᠪᠣᠳᠣᠯᠭ᠎ᠠ᠂ ᠪᠡᠯᠡ ᠮᠥᠩᠭᠦ᠂ ᠲᠦᠷᠦᠯ ᠵᠦᠢᠯ᠂ ᠮᠡᠷᠭᠡᠵᠢᠯ ᠵᠡᠷᠭᠡ ᠤᠯᠠᠨ ᠲᠠᠯ᠎ᠠ ᠶᠢᠨ ᠳᠡᠮᠵᠢᠯᠭᠡ ᠬᠠᠩᠭᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠠᠴᠠ ᠪᠠᠰᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ  ᠰᠢᠯᠢᠳᠡᠭᠵᠢᠭᠦᠯᠬᠦ 4.0 ᠬᠡᠪ ᠤᠨ ᠲᠥᠰᠥᠯ ᠢ ᠨᠡᠶᠢᠲᠡᠯᠡᠵᠦ᠂ ᠠᠷᠠᠯᠵᠢᠶᠠᠴᠢᠨ ᠢ ᠲᠠᠶᠢᠪᠤᠩ ᠪᠠᠶᠢᠯᠭᠠᠬᠤ ᠠᠷᠠᠯᠵᠢᠶᠠᠴᠢᠨ ᠲᠠᠢ ᠳᠣᠲᠣᠨᠣ ᠪᠠᠷ ᠶᠠᠪᠤᠯᠴᠠᠬᠤ ᠠᠷᠠᠯᠵᠢᠶᠠᠴᠢᠨ ᠢ ᠪᠠᠶᠠᠵᠢᠭᠤᠯᠬᠤ ᠣᠪᠣᠷ ᠢᠶᠠᠷ ᠠᠯᠢ ᠤᠯᠠᠨ ᠠᠷᠠᠯᠵᠢᠶᠠᠴᠢᠨ ᠢ ᠮᠠᠨ ᠤ ᠣᠷᠣᠨ ᠳᠤ ᠤᠷᠢᠵᠤ ᠠᠪᠴᠢᠷᠠᠨ ᠪᠡᠯᠡ ᠣᠷᠣᠭᠤᠯᠤᠭᠰᠠᠨ ᠪᠠᠶᠢᠨ᠎ᠠ᠃ ᠴᠢᠬᠤᠯᠠ ᠶᠡᠭᠡ ᠲᠦᠷᠦᠯ ᠵᠦᠢᠯ ᠤᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ ᠲᠦᠷᠦᠭᠦᠦ ᠤᠯᠠᠷᠢᠯ ᠳᠤ ᠪᠦᠭᠦ ᠣᠷᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ ᠪᠦᠬᠦᠢ 1250 ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠠᠪᠤᠭᠳᠠᠵᠤ᠂  ᠪᠡᠯᠡ ᠤᠷᠤᠭᠤᠯᠤᠯᠳᠠ ᠨᠢ ᠨᠢᠳᠤᠨᠤᠨ ᠤ ᠠᠳᠠᠯᠢ ᠬᠤᠭᠤᠴᠠᠭᠠᠨ ᠤ   ᠬᠢ   ᠠᠴᠠ 37.7%   ᠪᠠᠷ ᠨᠡᠮᠡᠭᠳᠡᠵᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ ᠲᠦᠷᠦᠭᠦᠦ ᠤᠯᠠᠷᠢᠯ ᠳᠤ ᠪᠦᠭᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠪᠡᠯᠡ ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠵᠦ᠂ ᠪᠦᠭᠦ ᠪᠡᠯᠡ ᠤᠷᠤᠭᠤᠯᠤᠯᠳᠠ ᠶᠢᠨ 27.1% ᠶᠢ ᠡᠵᠡᠯᠡᠪᠡ᠃ ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ ᠶᠢᠨ ᠡᠷᠴᠢᠮᠲᠡᠢ ᠲᠤᠯᠭᠠᠭᠤᠷᠢᠯᠠᠯ ᠤᠨ ᠬᠤᠪᠢ ᠳᠤ᠂ ᠲᠦᠷᠦᠭᠦᠦ ᠤᠯᠠᠷᠢᠯ ᠳᠤ ᠪᠦᠭᠦ ᠣᠷᠣᠨ ᠤ ᠠᠵᠤ ᠦᠢᠯᠡᠳᠪᠦᠷᠢ ᠳᠠᠬᠢ ᠪᠡᠯᠡ ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 35.3% ᠪᠠᠷ ᠨᠡᠮᠡᠭᠳᠡᠵᠦ᠂ ᠪᠦᠭᠦ ᠪᠡᠯᠡ ᠤᠷᠤᠭᠤᠯᠤᠯᠳᠠ ᠶᠢᠨ 68.7% ᠶᠢ  ᠡᠵᠡᠯᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号