| | - ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠳᠤ ᠲᠠᠯ᠎ᠠ ᠨᠤᠲᠤᠭ ᠢᠶᠠᠷ ᠵᠤᠭᠠᠴᠠᠬᠤᠢ ④ | | | ︽5·1︾ ᠤ ᠵᠢᠭᠤᠯᠴᠢᠯᠠᠯ ᠤᠨ ᠦᠢᠯᠡᠰ ᠤᠨ ᠲᠡᠮᠳᠡᠭᠯᠡᠯ᠄ | | | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠬᠠᠮᠢᠶ᠎ᠠ ᠪᠦᠬᠦᠢ ᠵᠢᠭᠤᠯᠴᠢᠯᠠᠯ ᠤᠨ ᠲᠠᠪᠴᠠᠩ ᠤᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ ︽5·1︾ ᠤ | ᠠᠮᠠᠷᠠᠯᠲᠠ ᠶᠢᠨ ᠬᠤᠭᠤᠴᠠᠭᠠᠨ ︵5 ᠰᠠᠷ᠎ᠠ ᠶᠢᠨ 1 - 5 ᠤ ᠡᠳᠦᠷ︶ ᠳᠠᠬᠢ ᠥᠪᠥᠷ ᠮᠣᠩᠭᠤᠯ ᠤᠨ ᠵᠢᠭᠤᠯᠴᠢᠯᠠᠯ | ᠤᠨ ᠪᠦᠲᠦᠭᠡᠭᠳᠡᠬᠦᠨ ᠢ ᠤᠷᠢᠳᠴᠢᠯᠠᠨ ᠵᠠᠬᠢᠶᠠᠯᠠᠭᠰᠠᠨ ᠬᠥᠮᠥᠨ ︵ᠤᠳᠠᠭ᠎ᠠ︶ ᠤ ᠲᠤᠭ᠎ᠠ ᠵᠢᠴᠢ ᠵᠠᠬᠢᠶᠠᠯᠠᠭ᠎ᠠ ᠶᠢᠨ | ᠬᠡᠷᠡᠭᠯᠡᠭᠡᠨ ᠤ ᠵᠣᠭᠤᠰ ᠤᠨ ᠲᠤᠭ᠎ᠠ ᠴᠥᠮ ᠶᠡᠭᠡ ᠪᠠᠷ ᠨᠡᠮᠡᠭᠳᠡᠵᠦ᠂ ᠲᠤᠰᠪᠤᠷᠢ 2023 ᠣᠨ ᠤ ᠠᠳᠠᠯᠢ | ᠬᠤᠭᠤᠴᠠᠭᠠᠨ ᠤ ᠬᠢ ᠠᠴᠠ 111.33% ᠪᠠ 417.72% ᠪᠠᠷ ᠨᠡᠮᠡᠭᠳᠡᠪᠡ᠃ ᠪᠦᠭᠦ ᠣᠷᠣᠨ ᠤ ᠡᠯ᠎ᠡ ᠭᠠᠵᠠᠷ | ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠨᠢ ᠡᠭᠦᠨ ᠢ ᠲᠣᠳᠣᠬᠠᠨ ᠭᠡᠷᠡᠴᠢᠯᠡᠵᠦ᠂ ︽ | 5·1︾ ᠤ ᠠᠮᠠᠷᠠᠯᠲᠠ ᠶᠢᠨ ᠲᠦᠷᠦᠭᠦᠤ 3 ᠡᠳᠦᠷ ᠪᠦᠭᠦ ᠣᠷᠣᠨ ᠢᠶᠠᠷ ᠢᠶᠠᠨ ᠨᠡᠶᠢᠳᠡ 912.79 ᠲᠦᠮᠡᠨ ᠬᠥᠮᠥᠨ | ᠤᠳᠠᠭ᠎ᠠ ᠶᠢᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ ᠭᠥᠯᠢᠶᠡᠨ ᠠᠪᠴᠤ᠂ ᠤᠯᠤᠰ ᠤᠨ ᠳᠣᠲᠣᠭᠠᠳᠤ | ᠶᠢᠨ ᠵᠢᠭᠤᠯᠴᠢᠯᠠᠬᠰᠠᠳ ᠤᠨ ᠮᠠᠨ ᠤ ᠣᠷᠣᠨ ᠳᠠᠬᠢ ᠬᠡᠷᠡᠭᠯᠡᠭᠡᠨ ᠤ ᠶᠡᠷᠦᠩᠬᠡᠢ ᠵᠠᠷᠤᠳᠠᠯ 65.11 ᠳ᠋ᠦᠩᠰᠢᠭᠤᠷ | ᠲᠥᠭᠦᠷᠢᠭ ᠲᠤ ᠬᠦᠷᠴᠦ᠂ ᠲᠤᠰᠪᠤᠷᠢ 2023 ᠣᠨ ᠤ ᠠᠳᠠᠯᠢ ᠬᠤᠭᠤᠴᠠᠭᠠᠨ ᠤ ᠬᠢ ᠠᠴᠠ 53.87% ᠪᠠ | 104.43% ᠪᠠᠷ ᠨᠡᠮᠡᠭᠳᠡᠪᠡ᠃ | | | 5 ᠰᠠᠷ᠎ᠠ ᠶᠢᠨ 4 ᠤ ᠡᠳᠦᠷ᠂ ᠲᠠᠯᠠᠨ ᠬᠠᠷ᠎ᠠ ᠶᠢᠨ ᠡᠩᠭᠡᠷ ᠲᠤ ᠪᠠᠶᠢᠷᠢᠯᠠᠭ᠎ᠠ ᠰᠢᠨ᠎ᠡ ᠬᠤᠳᠠ ᠲᠣᠭᠤᠷᠢᠭ ᠤᠨ | ᠤᠯᠠᠭᠠᠨᠴᠠᠪ ᠲᠤᠰᠬᠤᠨ ᠳᠤ ᠥᠷᠯᠥᠭᠡ ᠠᠴᠠ ᠡᠬᠢᠯᠡᠨ ᠲᠡᠷᠭᠡ ᠬᠥᠰᠬᠡ ᠴᠤᠪᠤᠵᠤ ᠬᠥᠮᠥᠨ ᠬᠠᠷ᠎ᠠ ᠪᠠᠭᠰᠢᠷᠠᠯᠳᠤᠨ᠂ | ᠬᠦᠯᠢᠶᠡᠵᠦ ᠶᠠᠳᠠᠭᠰᠠᠨ ᠬᠡᠦᠬᠡᠳ ᠪᠠᠭᠠᠴᠤᠤᠯ ᠰᠠᠯᠬᠢᠨ ᠬᠦᠷᠳᠦ ᠦᠯᠢᠶᠡᠯᠭᠡᠨ᠂ ᠲᠣᠭᠯᠠᠭᠠᠮ ᠤᠨ ᠫᠤᠤ | ᠲᠠᠴᠢᠭᠢᠨᠠᠭᠤᠯᠤᠨ ᠭᠦᠶᠦᠯᠳᠦᠵᠦ ᠣᠨᠴᠠ ᠶᠢᠨ ᠬᠥᠭᠵᠢᠶᠡᠨ ᠲᠠᠢ ᠪᠠᠶᠢᠯ᠎ᠠ᠃ | | | ᠤᠯᠠᠭᠠᠨᠴᠠᠪ ᠲᠤᠰᠬᠤᠨ ᠣᠷᠣᠨ ᠭᠠᠵᠠᠷ ᠤᠨ ᠳᠠᠪᠠᠭᠤᠯᠢᠭ ᠢᠶᠠᠨ ᠭᠦᠢᠴᠡᠳ ᠠᠰᠢᠭᠯᠠᠨ ᠭᠡᠷ ᠪᠦᠯᠢ ᠶᠢᠨ | ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ᠂ ᠨᠣᠭᠤᠭ᠎ᠠ ᠵᠢᠮᠢᠰ ᠲᠡᠭᠦᠬᠦ᠂ ᠭᠦᠢᠯᠡᠰᠦᠨ ᠴᠡᠴᠡᠭ ᠤᠨ ᠨᠠᠶᠢᠷ᠂ ᠡᠷᠡᠭᠦᠯᠵᠢᠯ | ᠰᠤᠪᠢᠯᠠᠯᠲᠠ ᠶᠢᠨ ᠬᠦᠷᠢᠶᠡᠯᠡᠩ ᠵᠡᠷᠭᠡ ᠣᠨᠴᠠᠯᠢᠭᠲᠤ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠶᠢᠨ ᠳᠠᠭᠠᠤ | ᠰᠣᠶᠣᠯ ᠲᠡᠦᠬᠡ ᠶᠢᠨ ᠠᠭᠤᠯᠤᠭᠳᠠᠬᠤᠨ ᠢ ᠭᠦᠨᠵᠡᠭᠡᠢ ᠠᠭᠤᠳᠠᠯᠤᠨ ᠰᠣᠶᠣᠯ ᠬᠢᠭᠡᠳ ᠲᠠᠷᠢᠶᠠᠯᠠᠩ ᠢ | ᠠᠭᠤᠰᠤᠯᠴᠠᠭᠤᠯᠤᠨ ᠬᠥᠭᠵᠢᠭᠦᠯᠵᠦ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠭᠠᠷᠭᠠᠭᠰᠠᠨ ︽5·1︾ ᠤ | ᠠᠮᠠᠷᠠᠯᠲᠠ ᠶᠢᠨ ᠬᠤᠭᠤᠴᠠᠭᠠᠨ ᠳᠠᠬᠢ ᠬᠥᠳᠡᠭᠡ ᠲᠤᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ | ᠰᠣᠩᠭᠤᠭᠳᠠᠨ᠂ ᠨᠡᠷ᠎ᠡ ᠦᠯᠦᠭᠡ ᠨᠢ ᠤᠯᠠᠮ ᠥᠷᠭᠡᠳᠴᠦ ᠪᠠᠶᠢᠭ᠎ᠠ ᠨᠢ ᠡᠨᠡ ᠪᠢᠯᠡ᠃ | | | ᠠᠮᠠᠷᠠᠯᠲᠠ ᠪᠠᠶᠠᠷ ᠳᠤᠷᠠᠰᠬᠠᠯ ᠤᠨ ᠡᠳᠦᠷ ᠪᠤᠯᠬᠤ ᠪᠦᠷᠢ ᠤᠯᠤᠰ ᠤᠨ ᠳᠣᠲᠣᠭᠠᠳᠤ ᠶᠢᠨ ᠰᠣᠩᠭᠤᠳᠠᠭ | ᠦᠵᠡᠮᠵᠢ ᠶᠢᠨ ᠣᠷᠣᠨ ᠪᠠ ᠰᠦᠯᠵᠢᠶᠡᠨ ᠤ ᠬᠠᠯᠠᠮᠰᠢᠯ ᠭᠠᠵᠠᠷ ᠤᠳ ᠲᠤ ᠵᠢᠭᠤᠯᠴᠢᠯᠠᠭᠴᠢ ᠭᠡᠳᠦ ᠣᠯᠠᠰᠢᠷᠠᠬᠤ | ᠦᠵᠡᠭᠳᠡᠯ ᠭᠠᠷᠤᠭᠰᠠᠨ ᠠᠴᠠ ᠣᠶᠢᠷ᠎ᠠ ᠲᠣᠭᠤᠷᠢᠨ ᠤ ᠬᠥᠳᠡᠭᠡ ᠲᠤᠰᠬᠤᠨ ᠤ ᠵᠢᠭᠤᠯᠴᠢᠯᠠᠯ ᠨᠢ ᠬᠥᠮᠥᠰ ᠤᠨ | ᠬᠦᠷᠢᠶᠡᠯᠡᠯ ᠢ ᠣᠯᠵᠤ ᠪᠠᠶᠢᠨ᠎ᠠ᠃ ᠮᠠᠨ ᠤ ᠣᠷᠣᠨ ᠤ ᠬᠥᠳᠡᠭᠡ ᠲᠤᠰᠬᠤᠨ ᠤ ᠵᠢᠭᠤᠯᠴᠢᠯᠠᠯ ᠤᠨ ᠡᠬᠢ ᠪᠠᠶᠠᠯᠢᠭ | ᠡᠯᠪᠡᠭ ᠳᠡᠯᠪᠡᠭ ᠮᠥᠷᠲᠡᠭᠡᠨ ᠥᠪᠡᠷᠮᠢᠴᠡ ᠰᠣᠳᠣᠨ ᠰᠢᠨᠵᠢ ᠲᠠᠢ ᠪᠠᠶᠢᠵᠤ᠂ ᠬᠥᠳᠡᠭᠡ ᠲᠤᠰᠬᠤᠨ ᠤ ᠥᠪᠡᠷᠮᠢᠴᠡ | ᠠᠷᠠᠳ ᠤᠨ ᠵᠠᠩ ᠦᠢᠯᠡ᠂ ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠠᠭᠠᠵᠢᠮ ᠢᠶᠠᠷ ᠠᠯᠳᠠᠷᠰᠢᠵᠤ᠂ | ᠬᠥᠳᠡᠭᠡ ᠲᠤᠰᠬᠤᠨ ᠤ ᠵᠢᠭᠤᠯᠴᠢᠯᠠᠯ ᠨᠢ ᠶᠠᠪᠤᠬᠤ ᠳᠤᠳᠤᠮ ᠬᠤᠳᠠ ᠶᠢᠨ ᠠᠷᠠᠳ ᠤᠨ ᠬᠠᠯᠠᠮᠰᠢᠯ ᠵᠢᠭᠤᠯᠴᠢᠯᠠᠯ | ᠪᠣᠯᠵᠠᠢ᠃ | | | ᠠᠷᠠᠳ ᠤᠨ ᠰᠠᠭᠤᠴᠠ ᠳᠤ ᠬᠤᠨᠣᠵᠤ ᠬᠤᠭᠤᠯᠠᠯᠠᠬᠤ ᠪᠣᠯ ᠬᠥᠳᠡᠭᠡ ᠲᠤᠰᠬᠤᠨ ᠤ ᠵᠢᠭᠤᠯᠴᠢᠯᠠᠯ ᠤᠨ ᠨᠢᠭᠡᠨ | ᠭᠤᠣᠯ ᠣᠨᠴᠠᠯᠢᠭ ᠪᠣᠯᠣᠨ᠎ᠠ᠃ ᠣᠷᠴᠢᠮᠬᠠᠨ 2024 ᠣᠨ ᠤ ᠪᠦᠭᠦ ᠣᠷᠣᠨ ᠤ ᠵᠢᠭᠤᠯᠴᠢᠯᠠᠯ ᠤᠨ ᠠᠷᠠᠳ ᠤᠨ | ᠰᠠᠭᠤᠴᠠ ᠶᠢᠨ ᠬᠥᠭᠵᠢᠯᠲᠡ ᠶᠢᠨ ᠲᠤᠬᠠᠢ ᠶᠢᠨ ᠲᠠᠯᠠᠪᠠᠶ ᠶᠢᠨ ᠲᠣᠭᠤᠷᠢᠨ ᠦᠵᠡᠬᠦ ᠬᠤᠷᠠᠯ ᠤᠯᠠᠭᠠᠨᠴᠠᠪ ᠬᠤᠲᠠ ᠳᠤ | ᠶᠠᠪᠤᠭᠳᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ | ᠥᠪᠡᠷᠮᠢᠴᠡ ᠣᠨᠴᠠᠯᠢᠭ ᠲᠠᠢ᠂ ᠬᠡᠪᠴᠢᠶᠡᠵᠢᠭᠰᠡᠨ᠂ ᠪᠦᠯᠦᠭᠵᠢᠭᠰᠡᠨ ᠵᠢᠭᠤᠯᠴᠢᠯᠠᠯ ᠤᠨ ᠠᠷᠠᠳ ᠤᠨ ᠰᠠᠭᠤᠴᠠ ᠶᠢᠨ | ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠣᠯᠠᠨ ᠶᠠᠩᠵᠤᠴᠢᠯᠠᠭᠰᠠᠨ᠂ ᠰᠣᠳᠣᠨᠴᠢᠯᠠᠬᠰᠠᠨ ᠠᠷᠠᠳ | ᠤᠨ ᠰᠠᠭᠤᠴᠠ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠤᠯᠠᠨ ᠠᠷᠭ᠎ᠠ ᠲᠤᠷᠰᠢᠯᠭ᠎ᠠ ᠶᠢ | ᠰᠣᠯᠢᠯᠴᠠᠭᠰᠠᠨ ᠶᠤᠮ᠃ | | | ᠤᠯᠤᠰ ᠠᠷᠠᠳ ᠤᠨ ᠠᠵᠤ ᠠᠬᠤᠢ ᠶᠢᠨ ᠨᠡᠮᠡᠭᠳᠡᠯ ᠪᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠤᠪᠢᠷᠠᠯ | ᠬᠥᠭᠵᠢᠯ ᠢ ᠳᠠᠭᠠᠯᠳᠤᠨ ᠠᠷᠠᠳ ᠤᠨ ᠰᠠᠭᠤᠴᠠ ᠨᠢ ᠬᠤᠲᠠ ᠬᠥᠳᠡᠭᠡ ᠶᠢ ᠬᠤᠯᠪᠣᠭᠰᠠᠨ᠂ ᠰᠠᠶᠢᠨ ᠰᠠᠶᠢᠬᠠᠨ | ᠠᠮᠢᠳᠤᠷᠠᠯ ᠢ ᠬᠠᠮᠲᠤ ᠪᠠᠷ ᠡᠳ᠋ᠯᠡᠬᠦ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠪᠣᠯᠵᠤ᠂ ᠮᠠᠨ ᠤ | ᠣᠷᠣᠨ ︽ᠳᠣᠲᠣᠨᠣ ᠶᠢᠨ ᠰᠠᠶᠢᠬᠠᠨ ᠥᠪᠥᠷ ᠮᠣᠩᠭᠤᠯ︾ ᠭᠤᠣᠯ ᠰᠡᠳᠦᠪ ᠤᠨ ᠲᠣᠭᠤᠷᠢᠨ ᠳᠤ ᠵᠢᠭᠤᠯᠴᠢᠯᠠᠯ ᠤᠨ | ᠠᠷᠠᠳ ᠤᠨ ᠰᠠᠭᠤᠴᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠤᠯᠠᠨ ᠭᠠᠵᠠᠷ ᠲᠤ ᠨᠢᠭᠡᠨᠲᠡ ᠪᠠᠭ᠎ᠠ | ᠬᠡᠪᠴᠢᠶᠡᠨ ᠤ ᠠᠷᠠᠳ ᠤᠨ ᠰᠠᠭᠤᠴᠠ ᠶᠢᠨ ᠰᠦᠷᠦᠭᠵᠢᠯ ᠢ ᠪᠦᠷᠢᠯᠳᠦᠭᠦᠯᠪᠡ᠃ ᠤᠳᠤ ᠮᠠᠨ ᠤ ᠣᠷᠣᠨ ᠣᠷᠳᠣᠰ | ᠬᠤᠳᠠ ᠶᠢᠨ ᠵᠡᠭᠦᠨᠭᠠᠷ ᠤᠨ ᠬᠠᠳᠤᠨ ᠭᠤᠣᠯ ᠤᠨ ᠶᠡᠭᠡ ᠬᠠᠪᠴᠢᠯ ᠤᠨ ᠰᠢᠶᠠ ᠭᠦ᠋ ᠶᠠ ᠠᠷᠠᠳ ᠤᠨ ᠰᠠᠭᠤᠴᠠ᠂ | ᠤᠯᠠᠭᠠᠨᠬᠠᠳᠠ ᠶᠢᠨ ᠸᠠᠩᠱᠠᠨ ᠠᠷᠠᠳ ᠤᠨ ᠰᠠᠭᠤᠴᠠ ︵ᠤᠯᠠᠭᠠᠨᠴᠠᠪ ᠬᠤᠲᠠ︶ ᠵᠡᠷᠭᠡ ᠪᠦᠭᠦ ᠤᠯᠤᠰ ᠤᠨ ᠬᠥᠬᠡ | ᠲᠠᠰ ᠤᠨ 2 ᠠᠷᠠᠳ ᠤᠨ ᠰᠠᠭᠤᠴᠠ ᠲᠠᠢ ᠪᠣᠯᠵᠤ᠂ ᠱᠠᠨᠪᠧᠢ ᠠᠷᠠᠳ ᠤᠨ ᠨᠦᠭᠡᠨ ᠭᠡᠷ ᠤᠨ ᠠᠷᠠᠳ ᠤᠨ ᠰᠠᠭᠤᠴᠠ | ︵ᠣᠷᠳᠣᠰ ᠬᠤᠲᠠ︶᠂ ᠵᠢᠶᠠᠨ ᠱᠠᠨ ᠰᠢᠱᠠᠨ ᠠᠷᠠᠳ ᠤᠨ ᠰᠠᠭᠤᠴᠠ ︵ᠬᠢᠩᠭᠠᠨ ᠠᠶᠢᠮᠠᠭ︶᠂ ᠪᠠᠶᠢᠭᠠᠯᠢ ᠠᠮᠢ ᠠᠬᠤᠢ | ᠶᠢᠨ ᠵᠢᠭᠤᠯᠴᠢᠯᠠᠯ ᠤᠨ ᠠᠷᠠᠳ ᠤᠨ ᠰᠠᠭᠤᠴᠠ ︵ᠰᠢᠯᠢ ᠶᠢᠨ ᠭᠤᠣᠯ ᠠᠶᠢᠮᠠᠭ︶ᠵᠡᠷᠭᠡ ᠪᠦᠭᠦ ᠤᠯᠤᠰ ᠤᠨ ᠬᠥᠬᠡᠭᠴᠢᠨ | ᠲᠠᠰ ᠤᠨ 3 ᠠᠷᠠᠳ ᠤᠨ ᠰᠠᠭᠤᠴᠠ ᠲᠠᠢ ᠪᠣᠯᠵᠠᠢ᠃ ᠡᠭᠦᠨ ᠠᠴᠠ ᠭᠠᠳᠠᠨ᠎ᠠ ᠮᠠᠨ ᠤ ᠣᠷᠣᠨ ᠤ 6 ᠵᠠᠮ ᠱᠤᠭᠤᠮ | ᠨᠢ ︽ᠲᠠᠪᠤᠨ ᠥᠩᠭᠡ ᠶᠢᠨ ᠳᠠᠩᠰᠤᠭ ᠦᠵᠡᠮᠵᠢ︾ ᠪᠦᠭᠦ ᠤᠯᠤᠰ ᠤᠨ ᠬᠥᠳᠡᠭᠡ ᠲᠤᠰᠬᠤᠨ ᠤ ᠰᠣᠳᠣᠨ | ᠵᠢᠭᠤᠯᠴᠢᠯᠠᠯ ᠤᠨ ᠵᠠᠮ ᠱᠤᠭᠤᠮ ᠳᠤ ᠰᠣᠩᠭᠤᠭᠳᠠᠨ᠂ 2 ᠵᠠᠮ ᠱᠤᠭᠤᠮ ᠨᠢ ︽ᠲᠦᠷᠪᠡᠨ ᠤᠯᠠᠷᠢᠯ ᠤᠨ ᠦᠵᠡᠮᠵᠢ︾ | ᠶᠢᠨ ᠪᠦᠭᠦ ᠤᠯᠤᠰ ᠤᠨ ᠬᠥᠳᠡᠭᠡ ᠲᠤᠰᠬᠤᠨ ᠤ ᠰᠣᠳᠣᠨ ᠵᠢᠭᠤᠯᠴᠢᠯᠠᠯ ᠤᠨ ᠵᠠᠮ ᠱᠤᠭᠤᠮ ᠳᠤ ᠰᠣᠩᠭᠤᠭᠳᠠᠵᠤ᠂ | ᠬᠤᠳᠠ ᠶᠢᠨ ᠠᠷᠠᠳ ᠤᠨ ᠣᠶᠢᠷ᠎ᠠ ᠵᠠᠮ᠂ ᠡᠷᠭᠢᠨ ᠲᠣᠭᠤᠷᠢᠨ ᠤ ᠵᠢᠭᠤᠯᠴᠢᠯᠠᠯ ᠤᠨ ᠬᠡᠷᠡᠭᠴᠡᠭᠡ ᠶᠢ ᠬᠠᠩᠭᠠᠨ᠂ | ᠬᠡᠦᠬᠡᠳ ᠪᠠᠭᠠᠴᠤᠳ ᠤᠨ ᠪᠠᠶᠢᠭᠠᠯᠢ ᠠᠬᠤᠢ ᠲᠠᠢ ᠣᠶᠢᠷᠠᠲᠤᠨ ᠠᠮᠢᠳᠤᠷᠠᠯ ᠳᠤ ᠤᠶᠢᠷᠠᠳᠴᠦ᠂ ᠬᠥᠳᠡᠭᠡ ᠲᠤᠰᠬᠤᠨ ᠢ | ᠣᠶᠢᠯᠠᠭᠠᠬᠤ᠂ ᠮᠡᠳᠡᠯᠭᠡ ᠮᠡᠳᠡᠴᠡ ᠪᠠᠨ ᠨᠡᠮᠡᠭᠳᠡᠭᠦᠯᠬᠦ᠂ ᠠᠵᠢᠯ ᠭᠦᠳᠡᠯᠮᠤᠷᠢ ᠳᠤ ᠣᠷᠤᠯᠴᠠᠬᠤ ᠰᠠᠶᠢᠨ ᠰᠠᠶᠢᠬᠠᠨ | ᠨᠥᠬᠦᠴᠡᠯ ᠢ ᠪᠦᠷᠢᠳᠦᠭᠦᠯᠵᠦ ᠥᠭᠪᠡ᠃ | | | ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠣᠯᠠᠨ ᠵᠦᠢᠯ ᠤᠨ ᠣᠨᠴᠠᠯᠢᠭ ᠪᠠ ᠲᠠᠩᠰᠤᠭ ᠰᠣᠶᠣᠯ ᠢ | ᠠᠭᠤᠳᠠᠯᠬᠤ ᠪᠠᠷ ᠳᠠᠮᠵᠢᠨ ᠣᠷᠣᠨ ᠨᠤᠲᠤᠭ ᠤᠨ ᠰᠣᠶᠣᠯ᠂ ᠰᠣᠶᠣᠯ ᠢᠷᠭᠡᠨᠰᠢᠯ᠂ ᠵᠠᠩ ᠦᠢᠯᠡ᠂ ᠨᠤᠲᠤᠭᠴᠢ | ᠰᠡᠳᠬᠢᠯᠭᠡ ᠶᠢ ᠬᠥᠳᠡᠭᠡ ᠲᠤᠰᠬᠤᠨ ᠤ ᠵᠢᠭᠤᠯᠴᠢᠯᠠᠯ ᠳᠤ ᠭᠦᠨ ᠦᠨᠳᠦᠰᠦᠯᠡᠭᠦᠯᠵᠦ᠂ ︽ᠨᠢᠭᠡ ᠲᠣᠰᠬᠤᠨ ᠳᠤ ᠨᠢᠭᠡ | ᠣᠨᠴᠠᠯᠢᠭ ᠲᠠᠢ︾ ᠪᠠᠶᠢᠯᠭᠠᠬᠤ ᠪᠠᠷ ᠴᠢᠷᠮᠠᠶᠢᠨ᠂ ᠠᠷᠠᠳ ᠤᠨ ᠰᠠᠭᠤᠴᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠤᠯᠪᠠᠰᠤᠷᠠᠭᠤᠯᠬᠤ᠂ ᠢᠳᠡᠭᠡᠨ ᠤᠮᠳᠠᠭᠠᠨ ᠤ ᠦᠢᠯᠡᠴᠢᠯᠡᠭᠡ᠂ ᠰᠡᠯᠡᠭᠦᠴᠡᠯ ᠠᠮᠠᠷᠠᠯᠲᠠ᠂ ᠰᠣᠶᠣᠯ ᠤᠨ | ᠡᠭᠦᠳᠦᠯᠲᠡ᠂ ᠰᠤᠳᠤᠯᠤᠨ ᠰᠤᠷᠤᠯᠴᠠᠬᠤ᠂ ᠡᠷᠡᠭᠦᠯᠵᠢᠯ ᠰᠤᠪᠢᠯᠠᠯᠲᠠ ᠵᠡᠷᠭᠡ ᠬᠠᠮᠢᠶ᠎ᠠ ᠪᠦᠬᠦᠢ ᠠᠵᠤ ᠦᠢᠯᠡᠰ ᠯᠦᠭᠡ | ᠭᠦᠨᠵᠡᠭᠡᠢ ᠠᠭᠤᠰᠤᠯᠴᠠᠭᠤᠯᠵᠤ᠂ ᠬᠥᠳᠡᠭᠡ ᠲᠤᠰᠬᠤᠨ ᠤ ᠵᠢᠭᠤᠯᠴᠢᠯᠠᠯ ᠤᠨ ᠬᠥᠭᠵᠢᠶᠡᠨᠲᠦ ᠡᠷᠢᠨ ᠳᠤ ᠣᠷᠣᠯ᠎ᠠ᠃ | ︽5·1︾ ᠤ ᠠᠮᠠᠷᠠᠯᠲᠠ ᠳᠤ ᠭᠦᠭᠡᠬᠤᠳᠠ ᠶᠢᠨ ᠤᠯᠠᠭᠠᠨᠴᠠᠪ ᠲᠤᠰᠬᠤᠨ ᠵᠡᠷᠭᠡ ᠪᠦᠭᠦ ᠣᠷᠣᠨ ᠤ ᠤᠯᠠᠨ ᠠᠷᠪᠢᠨ | ᠭᠠᠴᠠᠭ᠎ᠠ ᠲᠤᠰᠬᠤᠨ ᠳᠤ ᠬᠥᠮᠥᠨ ᠤ ᠲᠠᠯᠠᠢ ᠪᠣᠯᠤᠭᠰᠠᠨ ᠨᠢ ᠡᠨᠡ ᠪᠦᠭᠦᠨ ᠢ ᠲᠣᠳᠣᠬᠠᠨ ᠬᠠᠷᠠᠭᠤᠯᠬᠤ ᠶᠤᠮᠰᠠᠨ᠃ | | |