ᠰᠢᠷᠭᠠᠯ ᠡᠯᠡᠰᠦ ᠰᠢᠵᠢᠷᠲᠦᠵᠦ ᠰᠠᠨᠠᠭ᠎ᠠ ᠪᠤᠳᠤᠯ ᠢ ᠠᠷᠢᠭᠤᠰᠬᠠᠨ᠎ᠠ - ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠳᠤ ᠲᠠᠯ᠎ᠠ ᠨᠤᠲᠤᠭ ᠢᠶᠠᠷ ᠵᠤᠭᠠᠴᠠᠬᠤᠢ②
ᠨᠡᠶᠢᠲᠡᠯᠡᠭᠰᠡᠨ ᠴᠠᠭ᠄
2024/5/6
     ᠡᠨᠡ ᠵᠢᠯ ᠤᠨ ︽5.1︾ ᠤ ᠠᠮᠠᠷᠠᠯᠲᠠ ᠶᠢᠨ ᠬᠤᠭᠤᠴᠠᠭᠠᠨ ᠳᠤ ᠪᠦᠷᠢᠶ᠎ᠡ ᠮᠠᠩᠬ᠎ᠠ ᠶᠢᠨ ᠦᠵᠡᠮᠵᠢ ᠶᠢᠨ ᠣᠷᠣᠨ ᠨᠢ ᠥᠷᠭᠡᠨ ᠤᠯᠠᠨ ᠵᠢᠭᠤᠯᠴᠢᠯᠠᠬᠰᠠᠳ ᠤᠨ ᠬᠠᠯᠠᠮᠰᠢᠯ ᠶᠡᠬᠡᠲᠡᠢ ᠵᠤᠷᠢᠯᠳᠠᠳᠦ ᠭᠠᠵᠠᠷ ᠤᠨ ᠨᠢᠭᠡ ᠪᠣᠯᠵᠤ᠂ ᠦᠵᠡᠮᠵᠢ ᠶᠢᠨ ᠣᠷᠣᠨ ᠤ ᠵᠢᠭᠤᠯᠴᠢᠯᠠᠯ ᠤᠨ ᠪᠦᠲᠦᠭᠡᠭᠳᠡᠬᠦᠨ ᠢ 4 ᠰᠠᠷ᠎ᠠ ᠶᠢᠨ ᠳᠤᠮᠳᠠᠴᠢ ᠪᠠᠷ ᠨᠢᠭᠡᠨᠲᠡ ᠪᠦᠭᠦᠨ ᠢ ᠵᠠᠬᠢᠶᠠᠯᠠᠵᠤ ᠳᠠᠭᠤᠰᠴᠠᠢ᠃      ᠰᠦᠯᠵᠢᠶᠡᠨ ᠤ ᠬᠠᠯᠠᠮᠰᠢᠯ ᠶᠡᠬᠡᠲᠡᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠬᠰᠠᠳ ᠤᠨ ᠵᠤᠷᠢᠯᠳᠠᠳᠦ ᠭᠠᠵᠠᠷ ᠪᠣᠯᠤᠭᠰᠠᠨ ᠤᠯᠤᠰ ᠤᠨ 5A ᠳᠡᠰ ᠤᠨ ᠦᠵᠡᠮᠵᠢ  ᠶᠢᠨ ᠣᠷᠣᠨ ᠪᠤᠯᠬᠤ ᠪᠦᠷᠢᠶ᠎ᠡ ᠮᠠᠩᠬ᠎ᠠ ᠪᠣᠯ ᠬᠥᠪᠴᠢ ᠶᠢᠨ ᠡᠯᠡᠰᠦᠨ ᠤ ᠭᠠᠶᠢᠬᠠᠮᠰᠢᠭᠲᠤ ᠦᠵᠡᠮᠵᠢ᠂ ᠡᠬᠡ ᠪᠠᠶᠢᠭᠠᠯᠢ  ᠶᠢᠨ ᠰᠣᠳᠣᠨ ᠪᠦᠲᠦᠭᠡᠯ ᠶᠤᠮᠰᠠᠨ᠃ ᠪᠦᠷᠢᠶ᠎ᠡ ᠮᠠᠩᠬ᠎ᠠ ᠪᠤᠶᠢᠯᠠᠵᠦ ᠴᠢᠳᠠᠳᠠᠭ ᠢᠶᠠᠷ ᠢᠶᠠᠨ ᠳᠡᠯᠡᠬᠡᠢ ᠳ᠋ᠠᠬᠢᠨ ᠤ ᠠᠩᠬᠠᠷᠤᠯ ᠳᠤ ᠭᠦᠷᠦᠭᠰᠡᠨ ᠪᠥᠭᠡᠲᠡᠯ᠎ᠡ ᠪᠤᠶᠢᠯᠠᠵᠦ ᠪᠠᠶᠢᠳᠠᠭ ᠤᠨ ᠨᠢᠭᠤᠴᠠ ᠶᠢ ᠳᠠᠶᠢᠯᠵᠦ ᠴᠢᠳᠠᠭ᠎ᠠ ᠦᠭᠡᠢ ᠪᠣᠯᠬᠤᠷ ᠲᠦᠭ ᠲᠦᠮᠡᠨ ᠤ ᠬᠠᠴᠢᠷᠬᠠᠯ ᠰᠣᠨᠢᠷᠬᠠᠯ ᠢ ᠲᠠᠲᠠᠭᠰᠠᠭᠠᠷ ᠢᠷᠡᠵᠡᠢ᠃ ᠬᠥᠪᠴᠢ ᠶᠢᠨ ᠡᠯᠡᠰᠦᠨ ᠤ ᠪᠠᠰᠠ ᠨᠢᠭᠡ ᠭᠠᠶᠢᠬᠠᠮᠰᠢᠭ ᠪᠣᠯ ᠳᠠᠭᠤᠲᠤ ᠨᠠᠭᠤᠷ ᠪᠣᠯᠣᠨ᠎ᠠ᠂ ᠶᠡᠭᠡ ᠪᠠᠭ᠎ᠠ ᠨᠢ ᠠᠳᠠᠯᠢ ᠪᠤᠰᠤ 7 ᠨᠠᠭᠤᠷ ᠳᠣᠬᠢᠭᠤᠷ ᠲᠤᠯᠤᠭᠠᠨ ᠣᠳᠣᠨ ᠤ ᠭᠡᠯᠪᠡᠷᠢ ᠪᠠᠷ ᠵᠢᠭᠰᠠᠵᠤ᠂ ᠦᠵᠡᠮᠵᠢ ᠪᠠᠶᠢᠳᠠᠯ ᠡᠲᠡᠭᠡᠳ ᠰᠠᠶᠢᠬᠠᠨ ᠢᠶᠠᠷ ᠢᠶᠠᠨ ᠬᠤᠯᠠ ᠣᠶᠢᠷ᠎ᠠ ᠳᠠᠭᠠᠨ ᠠᠯᠳᠠᠷᠰᠢᠵᠠᠢ᠃      ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠯᠡᠰᠦ ᠮᠠᠩᠬᠠᠨ ᠤ ᠥᠩᠭᠡ ᠦᠵᠡᠮᠵᠢ᠂ ᠰᠣᠶᠣᠯ ᠲᠡᠦᠬᠡ᠂ ᠡᠬᠢ ᠪᠠᠶᠠᠯᠢᠭ ᠨᠢ ᠳᠡᠯᠡᠬᠡᠢ ᠳᠤ ᠠᠯᠳᠠᠷᠲᠠᠢ ᠶᠤᠮ᠃ ᠬᠥᠪᠴᠢ ᠶᠢᠨ ᠡᠯᠡᠰᠦ ᠠᠴᠠ ᠭᠠᠳᠠᠨ᠎ᠠ ᠪᠠᠳᠠᠢ ᠶᠢᠨ ᠵᠢᠷᠠᠨ ᠤ ᠡᠯᠡᠰᠦ᠂ ᠲᠡᠭᠷᠢ ᠡᠯᠡᠰᠦ᠂ ᠤᠯᠠᠭᠠᠨᠪᠤᠬ᠎ᠠ ᠶᠢᠨ ᠡᠯᠡᠰᠦ᠂ ᠬᠠᠰ ᠯᠤᠤ ᠡᠯᠡᠰᠦᠨ ᠨᠠᠭᠤᠷ᠂ ᠪᠣᠭᠲᠣ ᠶᠢᠨ ᠡᠯᠡᠰᠦ ᠵᠡᠷᠭᠡ ᠤᠯᠠᠨ ᠵᠢᠭᠤᠯᠴᠢᠯᠠᠯ ᠤᠨ ᠭᠠᠵᠠᠷ ᠨᠢ ᠥᠪᠡᠷᠮᠢᠴᠡ ᠥᠩᠭᠡ ᠦᠵᠡᠮᠵᠢ᠂ ᠰᠣᠶᠣᠯ ᠢᠷᠭᠡᠨᠰᠢᠯ ᠪᠠ ᠰᠢᠯᠢᠳᠡᠭ ᠦᠢᠯᠡᠴᠢᠯᠡᠭᠡ᠂ ᠰᠢᠨ᠎ᠡ ᠰᠡᠪᠡᠭᠦᠨ ᠵᠤᠭ᠎ᠠ ᠴᠡᠩᠭᠡᠬᠦᠨ ᠢᠶᠠᠷ ᠢᠶᠠᠨ ᠥᠪᠥᠷ ᠮᠣᠩᠭᠤᠯ ᠤᠨ ᠵᠢᠭᠤᠯᠴᠢᠯᠠᠯ ᠤᠨ ᠥᠩᠭᠡᠲᠦ ᠰᠤᠪᠤᠳ ᠨᠢ ᠪᠣᠯᠵᠤ ᠭᠢᠯᠠᠯᠵᠠᠨ᠎ᠠ᠃      ᠪᠠᠳᠠᠢ ᠶᠢᠨ ᠵᠢᠷᠠᠨ ᠤ ᠡᠯᠡᠰᠦ ᠪᠣᠯ ᠳᠤᠮᠳᠠᠳᠤ ᠤᠯᠤᠰ ᠤᠨ ᠭᠤᠷᠪᠠᠳᠤᠭᠠᠷ ᠶᠡᠭᠡ ᠡᠯᠡᠰᠦᠨ ᠴᠥᠯ ᠪᠣᠯᠣᠨ᠎ᠠ᠃ ᠳᠡᠯᠡᠬᠡᠢ ᠶᠢᠨ ᠬᠠᠮᠤᠭ ᠤᠨ ᠥᠨᠳᠥᠷ ᠡᠯᠡᠰᠦᠨ ᠴᠣᠬᠢᠶ᠎ᠠ ᠪᠠᠳᠠᠢ ᠶᠢᠨ ᠵᠢᠷᠠᠨ ᠳᠤ ᠰᠡᠬᠦᠶᠢᠨ ᠰᠦᠨᠳᠡᠷᠯᠡᠵᠦ᠂ ᠨᠣᠮᠢᠨ ᠰᠢᠭᠢᠳᠬᠡᠷᠢ ᠰᠢᠭ ᠨᠠᠭᠤᠷ ᠪᠦᠷᠢᠳᠦ ᠨᠢ ᠪᠠᠳᠠᠢ ᠶᠢᠨ ᠵᠢᠷᠠᠨ ᠳᠤ ᠠᠮᠢ ᠠᠮᠢᠯᠠᠯ ᠤᠨ ᠥᠩᠭᠡ ᠴᠢᠮᠡᠵᠦ ᠪᠠᠶᠢᠳᠠᠭ᠃ ᠬᠠᠴᠢᠨ ᠴᠣᠬᠢᠶ᠎ᠠ᠂ ᠳᠠᠭᠤᠲᠤ ᠡᠯᠡᠰᠦ᠂ ᠣᠯᠠᠨ ᠨᠠᠭᠤᠷ᠂ ᠬᠤᠪᠢᠯᠭᠠᠨ ᠪᠤᠯᠠᠭ᠂ ᠡᠷᠲᠡᠨ ᠤ ᠰᠦᠮ᠎ᠡ ᠪᠣᠯ ᠪᠠᠳᠠᠢ ᠶᠢᠨ ᠵᠢᠷᠠᠨ ᠤ ᠡᠯᠡᠰᠦᠨ ᠤ ᠲᠠᠪᠤᠨ ᠭᠠᠶᠢᠬᠠᠮᠰᠢᠭ ᠬᠡᠮᠡᠨ ᠠᠯᠳᠠᠷᠰᠢᠵᠤ᠂ ᠪᠠᠷᠲᠠᠭ᠎ᠠ ᠰᠢᠨᠵᠢᠯᠡᠭᠴᠢᠳ ᠪᠣᠯᠣᠨ ᠵᠢᠭᠤᠯᠴᠢᠯᠠᠬᠰᠠᠳ ᠤᠨ ᠬᠦᠰᠡᠯ ᠤᠨ ᠣᠷᠣᠨ ᠪᠣᠯᠤᠭᠰᠠᠨ ᠶᠤᠮ᠃ ᠲᠡᠭᠷᠢ ᠡᠯᠡᠰᠦᠨ ᠳᠤ 400 ᠭᠠᠷᠤᠢ ᠨᠠᠭᠤᠷ ᠲᠠᠢ ᠪᠥᠭᠡᠳ ᠲᠡᠭᠦᠨ ᠤ ᠳᠣᠲᠣᠷᠠᠬᠢ ᠰᠠᠷᠠᠨ ᠨᠠᠭᠤᠷ᠂ ᠤᠯᠠᠭᠠᠨ ᠨᠠᠭᠤᠷ ᠤᠨ ᠭᠡᠯᠪᠡᠷᠢ ᠳᠦᠷᠰᠦ ᠨᠢ ᠡᠲᠡᠭᠡᠳ ᠰᠠᠶᠢᠬᠠᠨ ᠪᠠᠶᠢᠵᠤ᠂ ᠪᠠᠰᠠ ᠣᠯᠠᠨ᠎ᠠ ᠠᠯᠳᠠᠷᠰᠢᠭᠰᠠᠨ ᠲᠤᠩᠬᠤ ᠶᠢᠨ ᠲᠠᠯ᠎ᠠ ᠶᠢᠨ ᠵᠢᠭᠤᠯᠴᠢᠯᠠᠯ ᠤᠨ ᠭᠠᠵᠠᠷ ᠲᠠᠢ ᠪᠠᠶᠢᠳᠠᠭ᠃ ᠣᠩᠨᠢᠭᠤᠳ ᠬᠤᠰᠢᠭᠤᠨ ᠤ ᠬᠠᠰ ᠯᠣᠣ ᠡᠯᠡᠰᠦᠨ ᠨᠠᠭᠤᠷ ᠤᠨ ᠠᠮᠠᠷᠠᠯᠲᠠ ᠶᠢᠨ ᠣᠷᠣᠨ ᠳᠤ ᠡᠯᠡᠰᠦ ᠮᠠᠩᠬ᠎ᠠ᠂ ᠭᠤᠪᠢ᠂ ᠤᠳᠠᠭᠠᠨ ᠵᠢᠯ ᠤᠨ ᠨᠠᠷᠠᠰᠤᠨ ᠮᠣᠳᠣ᠂ ᠬᠠᠴᠢᠨ ᠴᠢᠯᠠᠭᠤ᠂ ᠬᠠᠴᠢᠨ ᠴᠣᠬᠢᠶ᠎ᠠ᠂ ᠨᠤᠭᠤ ᠭᠠᠵᠠᠷ᠂ ᠲᠠᠯ᠎ᠠ ᠭᠠᠵᠠᠷ᠂ ᠨᠠᠭᠤᠷ ᠪᠦᠷᠢᠳᠦ ᠨᠢᠭᠡ ᠴᠣᠭᠴᠠ ᠪᠣᠯᠵᠤ᠂ ᠡᠯᠡᠰᠦᠨ ᠴᠦᠯ ᠳᠤᠨᠢ 1.4 ᠲᠦᠮᠡᠨ ᠮᠦ ᠶᠢᠨ ᠲᠠᠯᠠᠪᠠᠢ ᠪᠦᠬᠦᠢ ᠨᠠᠭᠤᠷ ᠲᠠᠢ᠂ ᠨᠠᠭᠤᠷ ᠳᠣᠲᠣᠷ᠎ᠠ ᠨᠢ ᠪᠠᠰᠠ 10 ᠭᠠᠷᠤᠢ ᠡᠯᠡᠰᠦᠨ ᠠᠷᠠᠯ ᠲᠠᠢ ᠪᠠᠶᠢᠵᠤ᠂ ᠡᠯᠡᠰᠦᠨ ᠳᠤ ᠨᠠᠭᠤᠷ ᠲᠠᠢ᠂ ᠨᠠᠭᠤᠷ ᠲᠠᠭᠠᠨ ᠠᠷᠠᠯ ᠲᠠᠢ᠂ ᠠᠷᠠᠯ ᠳᠡᠭᠡᠷ᠎ᠡ ᠨᠢ ᠤᠢ ᠡᠪᠡᠰᠦ ᠲᠠᠢ᠂ ᠤᠢ ᠡᠪᠡᠰᠦᠨ ᠳᠤᠨᠢ ᠠᠷᠢᠶᠠᠲᠠᠨ ᠵᠢᠭᠦᠷᠲᠡᠨ ᠠᠮᠢᠳᠤᠷᠠᠳᠠᠭ ᠬᠠᠴᠢᠨ ᠦᠵᠡᠮᠵᠢ ᠶᠢ ᠪᠦᠷᠢᠯᠳᠦᠭᠦᠯᠵᠡᠢ᠃ ᠨᠠᠢᠮᠠᠨ ᠬᠤᠰᠢᠭᠤᠨ ᠤ ᠪᠣᠭᠲᠣ ᠶᠢᠨ ᠡᠯᠡᠰᠦᠨ ᠴᠥᠯ ᠪᠣᠯ ᠡᠯᠡᠰᠦᠨ ᠴᠦᠯ ᠤᠨ ᠬᠡᠭᠡᠷᠡᠯᠡᠭᠴᠢᠳ᠂ ᠪᠠᠷᠳᠠᠭ᠎ᠠ ᠰᠢᠨᠵᠢᠯᠡᠭᠴᠢᠳ᠂ ᠭᠡᠷᠡᠯ ᠵᠢᠷᠤᠭᠴᠢᠳ ᠤᠨ ᠵᠢᠷᠭᠠᠯ ᠤᠨ ᠣᠷᠣᠨ᠂ ᠨᠠᠩ ᠴᠤ ᠰᠣᠶᠣᠯ ᠤᠨ ᠨᠢᠭᠤᠴᠠ ᠬᠠᠶᠢᠭᠴᠢ ᠶᠢᠨ ᠡᠷᠳᠡᠨᠢ ᠶᠢᠨ ᠬᠥᠮᠥᠷᠭᠡ ᠪᠣᠯᠣᠨ᠎ᠠ᠃ ᠠᠳᠡ ᠵᠣᠣ ᠪᠦᠦ ᠭᠧᠦ ᠶᠢᠨ ᠰᠣᠶᠣᠯ᠂ ᠬᠤᠩ ᠱᠠᠨ ᠰᠣᠶᠣᠯ᠂ ᠰᠢᠶᠠ ᠵᠢᠶᠠ ᠳ᠋ᠢᠶᠠᠨ ᠤ ᠰᠣᠶᠣᠯ ᠵᠡᠷᠭᠡ ᠤᠯᠠᠨ ᠰᠣᠶᠣᠯ ᠲᠡᠦᠬᠡ ᠶᠢᠨ ᠤᠯᠠ ᠮᠥᠷ ᠨᠢᠭᠤᠭᠳᠠᠵᠤ᠂ ᠥᠪᠡᠷᠮᠢᠴᠡ ᠬᠥᠮᠥᠨ ᠰᠣᠶᠣᠯ ᠢ ᠪᠦᠷᠢᠳᠦᠭᠦᠯᠦᠭᠰᠡᠨ ᠭᠠᠵᠠᠷ ᠪᠤᠯᠬᠤ ᠶᠤᠮ᠃      ᠥᠨᠥᠳᠥᠷ ᠤᠨ ᠥᠪᠥᠷ ᠮᠣᠩᠭᠤᠯ ᠤᠨ ᠡᠯᠡᠰᠦᠨ ᠴᠦᠯ ᠤᠨ ᠵᠢᠭᠤᠯᠴᠢᠯᠠᠯ ᠤᠤᠯ ᠤᠨ ᠰᠢᠭ᠋ ᠲᠡᠮᠡᠭᠡ ᠤᠨᠤᠵᠦ᠂ ᠡᠯᠡᠰᠦᠨ ᠳᠤ ᠭᠤᠯᠭᠤᠨ᠂ ᠭᠡᠷᠡᠯ ᠵᠢᠷᠤᠭ ᠲᠠᠲᠠᠳᠠᠭ ᠲᠡᠳᠦᠢ ᠯᠡ ᠪᠢᠰᠢ ᠪᠣᠯᠵᠠᠢ᠃ ᠵᠢᠭᠤᠯᠴᠢᠯᠠᠬᠰᠠᠳ ᠡᠯᠡᠰᠦᠨ ᠳᠠᠯᠠᠢ ᠳᠤ ᠨᠠᠷᠠ ᠮᠠᠨᠳᠤᠵᠤ ᠨᠠᠷᠠ ᠵᠢᠷᠭᠠᠬᠤ ᠶᠢ ᠦᠵᠡᠬᠦ᠂ ᠡᠯᠡᠰᠦᠨ ᠳᠠᠪᠠᠯᠭᠠᠨ ᠥᠭᠰᠥᠬᠦ᠂ ᠬᠡᠭᠡᠷ᠎ᠡ ᠬᠤᠨᠣᠭᠯᠠᠬᠤ᠂ ᠡᠯᠡᠰᠦᠨ ᠴᠥᠯ ᠳᠤ ᠪᠠᠷᠲᠠᠭ᠎ᠠ ᠬᠠᠶᠢᠬᠤ᠂ ᠳᠠᠪᠤᠰᠤᠨ ᠨᠠᠭᠤᠷ᠂ ᠡᠯᠡᠰᠦᠨ ᠪᠤᠯᠠᠭ᠂ ᠪᠠᠶᠠᠨ ᠪᠦᠷᠢᠳᠦ ᠦᠵᠡᠬᠦ᠂ ᠮᠠᠯᠴᠢᠨ ᠠᠶᠢᠯ ᠳᠤ ᠣᠷᠣᠬᠤ᠂ ᠬᠠᠲᠠᠨ ᠵᠢᠷᠤᠭ ᠰᠣᠨᠢᠷᠬᠠᠬᠤ᠂ ᠡᠯᠡᠰᠦᠨ ᠵᠠᠰᠠᠯ᠂ ᠡᠯᠡᠰᠦᠨ ᠳᠠᠩ ᠤᠨ ᠪᠡᠶ᠎ᠡ ᠶᠢᠨ ᠲᠠᠮᠢᠷ᠂ ᠡᠷ᠎ᠡ ᠶᠢᠨ ᠭᠤᠷᠪᠠᠨ ᠨᠠᠭᠠᠳᠤᠮ᠂ ᠺᠢᠨᠣ᠋ ᠦᠵᠡᠬᠦ᠂ ᠠᠷᠠᠳ ᠤᠨ ᠵᠠᠩ ᠦᠢᠯᠡ᠂ ᠰᠡᠯᠡᠭᠦᠴᠡᠯ ᠠᠮᠠᠷᠠᠯᠲᠠ᠂ ᠬᠠᠯᠠᠭᠤᠨ ᠬᠡᠶᠢᠲᠦ ᠪᠥᠮᠪᠥᠭᠡᠨ ᠳᠤ ᠰᠠᠭᠤᠬᠤ ᠵᠡᠷᠭᠡ ᠣᠯᠠᠨ ᠲᠦᠷᠦᠯ ᠤᠨ ᠵᠤᠭ᠎ᠠ ᠴᠡᠩᠭᠡᠬᠦᠨ ᠪᠠ ᠢᠳᠡᠭᠡᠨ ᠤᠮᠳᠠᠭᠠᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠬᠢᠵᠦ ᠪᠤᠯᠬᠤ ᠮᠥᠷᠲᠡᠭᠡᠨ ᠪᠠᠰᠠ ᠡᠷᠲᠡᠨ ᠤ ᠬᠤᠳᠠᠯᠳᠤᠭᠠᠨ ᠤ ᠵᠠᠮ᠂ ᠳᠠᠪᠤᠰᠤᠨ ᠠᠶᠠᠨ᠂ ᠲᠡᠮᠡᠭᠡᠨ ᠵᠢᠩ ᠤᠨ ᠬᠤᠳᠠᠯᠳᠤᠭ᠎ᠠ ᠵᠡᠷᠭᠡ ᠰᠣᠶᠣᠯ ᠢᠷᠡᠭᠡᠨᠰᠢᠯ ᠢ ᠣᠶᠢᠯᠠᠭᠠᠵᠤ ᠲᠠᠶᠢᠯᠭᠦ ᠪᠣᠯᠤᠭᠰᠠᠨ ᠶᠤᠮ᠃ ᠡᠨᠡ ᠬᠡᠳᠦᠨ ᠡᠳᠦᠷ ᠨᠠᠮ ᠲᠠᠶᠢᠪᠤᠭᠤᠨ᠂ ᠠᠨᠢᠷ ᠴᠢᠮᠡᠭᠡ ᠦᠭᠡᠢ ᠨᠡᠯᠦᠶᠢᠭᠰᠡᠨ ᠡᠯᠡᠰᠦᠨ ᠴᠦᠯ ᠳᠤ ᠭᠦᠷ ᠬᠥᠭᠵᠢᠶᠡᠨ ᠪᠢᠯᠬᠠᠵᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠪᠠᠷ ᠬᠤᠳᠠ ᠭᠠᠵᠠᠷ ᠠᠴᠠ ᠠᠳᠡ ᠢᠷᠡᠭᠰᠡᠨ ᠵᠢᠭᠤᠯᠴᠢᠯᠠᠬᠰᠠᠳ ᠨᠠᠮ ᠰᠡᠯᠡᠭᠦᠦ ᠶᠢᠨ ᠳᠤᠮᠳᠠ ᠰᠠᠨᠠᠭ᠎ᠠ ᠪᠤᠳᠤᠯ ᠢᠶᠠᠨ ᠠᠷᠢᠭᠤᠰᠬᠠᠨ ᠵᠢᠷᠭᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号