ᠲᠤᠰ ᠳᠦᠷᠢᠮ ᠢ 5 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/5/6
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠶᠢᠰᠦᠳᠦᠭᠡᠷ ᠬᠤᠷᠠᠯ ᠠᠴᠠ ᠬᠢᠨᠠᠨ ᠪᠠᠲᠤᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠳᠦᠷᠢᠮ︾  ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠳᠦᠷᠢᠮ︾ ᠢ ᠬᠡᠷᠡᠭᠵᠢᠭᠦᠯᠬᠦ ᠪᠣᠯᠤᠭᠰᠠᠨ ᠨᠢ ᠮᠠᠨ ᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠠᠵᠢᠯ ᠬᠠᠤᠯᠢᠵᠢᠵᠤ ᠳᠦᠷᠢᠮᠵᠢᠨ᠂ ᠵᠢᠷᠤᠮᠵᠢᠭᠤᠯᠤᠨ ᠬᠥᠭᠵᠢᠬᠦ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ︽ᠳᠦᠷᠢᠮ︾ ᠨᠢ ᠨᠡᠶᠢᠲᠡ ᠲᠠᠪᠤᠨ ᠪᠦᠯᠦᠭ᠂ ᠲᠠᠪᠢ ᠶᠢᠰᠦᠨ ᠵᠦᠢᠯ ᠲᠠᠢ ᠪᠠᠶᠢᠵᠤ᠂ ᠬᠥᠮᠥᠨ ᠢᠶᠠᠷ ᠦᠨᠳᠦᠰᠦ ᠪᠤᠯᠭᠠᠬᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠠᠷᠪᠢᠲᠠᠢ ᠡᠷᠴᠢᠮᠯᠢᠭ ᠪᠠᠶᠢᠯᠭᠠᠬᠤ᠂ ᠵᠣᠬᠢᠰᠲᠠᠢ ᠨᠣᠭᠤᠭᠠᠷᠠᠭᠤᠯᠬᠤ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠳᠤ ᠬᠤᠯᠪᠣᠭᠳᠠᠬᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ᠂ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠲᠠᠯ᠎ᠠ ᠳᠤ ᠰᠢᠰᠲ᠋ᠧᠮᠲᠦ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠬᠢᠵᠡᠢ᠃ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠢᠮᠳᠠ ᠪᠥᠭᠡᠳ ᠵᠦᠢ ᠵᠣᠬᠢᠰᠲᠠᠢ᠂ ᠬᠦᠢᠲᠡᠨ᠂ ᠭᠠᠩ᠂ ᠬᠤᠵᠢᠷ ᠲᠤ ᠲᠡᠰᠪᠦᠷᠢᠲᠡᠢ ᠨᠤᠲᠤᠭ ᠤᠨ ᠮᠣᠳᠣᠨ ᠤ ᠲᠥᠷᠥᠯ ᠢ ᠤᠷᠢᠳ ᠢᠶᠠᠷ ᠰᠣᠩᠭᠤᠨ ᠬᠡᠷᠡᠭᠯᠡᠵᠦ᠂ ᠬᠥᠮᠥᠨ ᠤ ᠪᠡᠶ᠎ᠡ ᠳᠤ ᠠᠮᠠᠷᠬᠠᠨ ᠬᠠᠷᠰᠢᠬᠤ ᠤᠷᠭᠤᠮᠠᠯ ᠢ ᠰᠣᠩᠭᠤᠨ ᠬᠡᠷᠡᠭᠯᠡᠬᠦ ᠠᠴᠠ ᠵᠠᠶᠢᠯᠠᠰᠬᠢᠬᠤ ᠬᠡᠷᠡᠭᠲᠡᠢ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠤᠰᠤ᠂ ᠦᠵᠡᠮᠵᠢ ᠶᠢᠨ ᠤᠰᠤ ᠬᠡᠷᠡᠭᠯᠡᠬᠦ  ᠳᠤ ᠤᠰᠤ ᠠᠷᠪᠢᠯᠠᠬᠤ ᠮᠡᠷᠭᠡᠵᠢᠯ ᠢ ᠬᠡᠷᠡᠭᠯᠡᠵᠦ᠂ ᠳᠠᠬᠢᠯᠲᠠ ᠤᠰᠤ ᠪᠣᠯᠣᠨ ᠪᠣᠷᠣᠭᠠᠨ ᠤ ᠤᠰᠤ ᠶᠢ ᠡᠩ ᠲᠡᠷᠢᠭᠦᠨ ᠳᠤ ᠠᠰᠢᠭᠯᠠᠬᠤ ᠬᠡᠷᠡᠭᠲᠡᠢ ᠭᠡᠵᠡᠢ᠃ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠥᠯᠦᠪᠵᠢᠭᠦᠯᠭᠡ ᠪᠠ ᠬᠠᠮᠢᠶᠠᠷᠤᠯᠲᠠ ᠶᠢᠨ ᠲᠠᠯ᠎ᠠ ᠪᠠᠷ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠵᠦᠯᠭᠡ ᠭᠠᠵᠠᠷ ᠢ ᠬᠠᠮᠠᠭᠠᠯᠠᠬᠤ ᠴᠢᠩᠭ᠎ᠠ ᠳᠦᠷᠢᠮ ᠢ ᠪᠠᠶᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠥᠨ ᠵᠦᠯᠭᠡ ᠭᠠᠵᠠᠷ ᠤᠨ ᠰᠢᠰᠲ᠋ᠧᠮ ᠤᠨ ᠲᠥᠯᠦᠪᠵᠢᠭᠦᠯᠭᠡ ᠪᠠ ᠵᠦᠯᠭᠡ ᠭᠠᠵᠠᠷ ᠤᠨ ᠰᠢᠨᠵᠢ ᠴᠢᠨᠠᠷ᠂ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠂ ᠬᠠᠤᠯᠢ ᠶᠣᠰᠣᠭᠠᠷ ᠲᠣᠭᠲᠠᠭᠠᠭᠰᠠᠨ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠱᠤᠭᠤᠮ ᠢ ᠳᠤᠷ᠎ᠠ ᠪᠠᠷ ᠢᠶᠠᠨ ᠲᠣᠬᠢᠷᠠᠭᠤᠯᠵᠤ ᠪᠤᠯᠬᠤ ᠦᠭᠡᠢ᠃ ᠡᠭᠦᠷᠢᠳᠡ ᠶᠢᠨ ᠴᠢᠨᠠᠷᠲᠠᠢ ᠵᠦᠯᠭᠡ ᠭᠠᠵᠠᠷ ᠢ ᠬᠠᠮᠠᠭᠠᠯᠠᠬᠤ ᠳᠦᠷᠢᠮ ᠢ ᠬᠡᠷᠡᠭᠵᠢᠭᠦᠯᠵᠦ᠂ ᠴᠢᠬᠤᠯᠠ ᠴᠡᠴᠡᠷᠯᠢᠭ ᠤᠨ ᠵᠦᠯᠭᠡ ᠭᠠᠵᠠᠷ᠂ ᠦᠵᠡᠮᠵᠢ ᠶᠢᠨ ᠣᠶᠢᠲᠤ ᠭᠠᠵᠠᠷ ᠵᠢᠴᠢ ᠴᠢᠬᠤᠯᠠ ᠪᠠᠶᠢᠭᠠᠯᠢ ᠶᠢᠨ ᠠᠮᠢ ᠠᠬᠤᠢ ᠶᠢᠨ ᠴᠢᠳᠠᠮᠵᠢ ᠪᠠ ᠲᠡᠦᠬᠡ ᠰᠣᠶᠣᠯ ᠤᠨ ᠦᠨ᠎ᠡ ᠥᠷᠲᠡᠭ ᠲᠠᠢ ᠵᠦᠯᠭᠡ ᠭᠠᠵᠠᠷ ᠢ ᠡᠭᠦᠷᠢᠳᠡ ᠶᠢᠨ ᠴᠢᠨᠠᠷᠲᠠᠢ ᠵᠦᠯᠭᠡ ᠭᠠᠵᠠᠷ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠬᠡᠷᠡᠭᠲᠡᠢ᠂ ᠤᠯᠤᠰ ᠠᠴᠠ ᠵᠥᠪᠰᠢᠶᠡᠷᠡᠭᠰᠡᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠶᠠᠮᠠᠷᠪᠠ ᠨᠢᠭᠡᠴᠢ ᠪᠠ ᠬᠤᠪᠢ ᠬᠥᠮᠥᠨ ᠲᠡᠭᠦᠨ ᠤ ᠰᠢᠨᠵᠢ ᠴᠢᠨᠠᠷ᠂ ᠬᠦᠷᠢᠶ᠎ᠡ ᠬᠡᠪᠴᠢᠶ᠎ᠡ᠂ ᠬᠡᠷᠡᠭᠴᠡᠭᠡ ᠶᠢ ᠡᠵᠡᠯᠡᠨ ᠬᠡᠷᠡᠭᠯᠡᠬᠦ ᠪᠤᠶᠤ ᠬᠤᠪᠢᠷᠠᠭᠤᠯᠵᠤ ᠪᠤᠯᠬᠤ ᠦᠭᠡᠢ ᠭᠡᠵᠡᠢ᠃      ︽ᠳᠦᠷᠢᠮ︾ ᠢ ᠬᠡᠷᠡᠭᠵᠢᠭᠦᠯᠬᠦ ᠨᠢ ᠣᠳᠣᠬᠠᠨ ᠤ ᠮᠠᠨ ᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠷᠢᠭᠤᠴᠠᠯᠭ᠎ᠠ ᠲᠣᠳᠣᠷᠬᠠᠢ ᠦᠭᠡᠢ᠂ ᠵᠦᠯᠭᠡ ᠭᠠᠵᠠᠷ ᠢ ᠳᠤᠷ᠎ᠠ ᠪᠠᠷ ᠢᠶᠠᠨ ᠡᠵᠡᠯᠡᠬᠦ ᠪᠠ ᠵᠦᠯᠭᠡ ᠭᠠᠵᠠᠷ ᠤᠨ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠶᠤᠮ᠃      ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号