ᠮᠠᠨ ᠤ ᠣᠷᠣᠨ ᠤ ᠤᠷᠠᠯᠢᠭ ᠤᠨ ᠪᠦᠯᠭᠦᠮ ᠳᠤᠮᠳᠠᠳᠤ ᠠᠦ᠋ᠰᠲᠷᠠᠯᠢᠶ᠎ᠠ ᠶᠢᠨ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠤᠨ ︽ᠠᠯᠳᠠᠨ ᠱᠠᠩᠨᠠᠯ︾ ᠢ ᠭᠦᠷᠳᠡᠪᠡ
ᠨᠡᠶᠢᠲᠡᠯᠡᠭᠰᠡᠨ ᠴᠠᠭ᠄
2024/5/6
     ᠪᠦᠭᠦ ᠪᠥᠮᠪᠥᠷᠴᠡᠭ ᠤᠨ ᠨᠠᠶᠢᠷᠠᠯ ᠳᠠᠭᠤᠤ ᠶᠢᠨ ᠴᠢᠭᠤᠯᠭᠠᠨ᠂ ᠠᠦ᠋ᠰᠲᠷᠠᠯᠢᠶ᠎ᠠ ᠶᠢᠨ ᠳᠤᠮᠳᠠᠳᠤᠴᠤᠳ ᠤᠨ ᠰᠣᠶᠣᠯ ᠤᠷᠠᠯᠢᠭ ᠤᠨ ᠬᠢᠨ ᠤ ᠬᠤᠯᠪᠤᠭ᠎ᠠ ᠶᠢᠨ ᠭᠤᠣᠯᠯᠠᠨ ᠡᠷᠭᠢᠯᠡᠭᠰᠡᠨ ︽ᠳᠤᠮᠳᠠᠳᠤ ᠠᠦ᠋ᠰᠲᠷᠠᠯᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠲᠠᠪᠢᠨ ᠵᠢᠯ·ᠨᠥᠬᠦᠷᠯᠡᠯ ᠪᠠ ᠬᠦᠴᠦᠨ ᠴᠢᠳᠠᠯ ᠢ ᠳᠠᠮᠵᠢᠭᠤᠯᠰᠤᠭᠠᠢ︾ ︱ 2024 ᠣᠨ ᠤ ᠳᠤᠮᠳᠠᠳᠤ ᠠᠦ᠋ᠰᠲᠷᠠᠯᠢᠶ᠎ᠠ ᠶᠢᠨ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠤᠨ ᠱᠠᠩᠨᠠᠯ ᠣᠯᠭᠤᠬᠤ ᠶᠣᠰᠣᠯᠠᠯ ᠲᠦᠷᠦᠭᠦᠬᠡᠨ ᠰᠢᠳ᠋ᠨᠢ ᠬᠤᠳᠠ ᠶᠢᠨ ᠣᠯᠠᠨ ᠤᠯᠤᠰ ᠤᠨ ᠬᠤᠷᠠᠯ ᠤᠨ ᠲᠥᠪ ᠲᠤ ᠶᠠᠪᠤᠭᠳᠠᠵᠤ᠂ ᠮᠠᠨ ᠤ ᠣᠷᠣᠨ ᠤ ᠲᠠᠯ᠎ᠠ ᠶᠢᠨ ᠤᠷᠠᠯᠢᠭ ᠤᠨ ᠪᠦᠯᠭᠦᠮ ︽ᠠᠯᠳᠠᠨ ᠱᠠᠩᠨᠠᠯ︾ ᠪᠠ ︽ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ︾ ᠢ ᠭᠦᠷᠳᠡᠪᠡ᠃      ᠣᠶᠢᠯᠠᠭᠠᠭᠰᠠᠨ ᠢᠶᠠᠷ᠂ ᠲᠠᠯ᠎ᠠ ᠶᠢᠨ ᠤᠷᠠᠯᠢᠭ ᠤᠨ ᠪᠦᠯᠭᠦᠮ ᠤᠨ ᠤᠷᠤᠯᠳᠤᠭᠠᠨ ᠳᠤ ᠣᠷᠣᠯᠴᠠᠬᠰᠠᠨ ᠬᠤᠶᠠᠷ ᠳᠠᠭᠤᠤ ᠨᠢ ᠴᠥᠮ ᠬᠥᠭᠵᠢᠮ ᠤᠨ ᠬᠠᠪᠰᠤᠷᠤᠯᠭ᠎ᠠ ᠦᠭᠡᠢ ᠡᠮᠡᠭᠲᠡᠢ ᠶᠢᠨ ᠨᠠᠶᠢᠷᠠᠯ ᠳᠠᠭᠤᠤ ᠪᠠᠶᠢᠵᠤ᠂ ᠮᠠᠨ ᠤ ᠣᠷᠣᠨ  ᠤ ᠬᠥᠭᠵᠢᠮ ᠤᠨ ᠵᠣᠬᠢᠶᠠᠯᠴᠢ᠂ ᠤᠳᠤᠷᠢᠳᠤᠭᠠᠴᠢ ᠵᠠᠩ ᠵᠢᠩ ᠪᠢᠨ ᠤ ᠨᠠᠶᠢᠷᠠᠭᠤᠯᠤᠭᠰᠠᠨ ︽ᠨᠤᠲᠤᠭ ᠤᠨ ᠡᠭᠦᠯᠡ︾ ᠪᠠ ᠣᠷᠳᠣᠰ ᠬᠤᠳᠠ ᠶᠢᠨ ᠤᠯᠠᠭᠠᠨᠮᠥ᠋ᠴᠢᠷ ᠤᠨ ᠵᠠᠯᠠᠭᠤ ᠠᠶ᠎ᠠ ᠵᠣᠬᠢᠶᠠᠭᠴᠢ ᠯᠢ ᠱᠤᠤ ᠸᠧᠢ ᠶᠢᠨ ᠣᠷᠳᠣᠰ ᠠᠷᠠᠳ  ᠤᠨ ᠳᠠᠭᠤᠤ ᠶᠢ ᠦᠨᠳᠦᠰᠦᠯᠡᠨ ᠥᠭᠡᠷᠡᠴᠢᠯᠡᠨ ᠨᠠᠶᠢᠷᠠᠭᠤᠯᠤᠭᠰᠠᠨ ᠨᠠᠶᠢᠷᠠᠯ ᠳᠠᠭᠤᠤ ︽ᠲᠤᠵᠢ ᠶᠢᠨ ᠱᠠᠩ︾ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠵᠢᠴᠢ ᠬᠠᠮᠲᠤ ᠤᠯᠠᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠵᠠᠢ᠃      2024 ᠣᠨ ᠤ ᠳᠤᠮᠳᠠᠳᠤ ᠠᠦ᠋ᠰᠲᠷᠠᠯᠢᠶ᠎ᠠ ᠶᠢᠨ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠳᠤᠮᠳᠠᠳᠤ ᠠᠦ᠋ᠰᠲᠷᠠᠯᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 50 ᠵᠢᠯ ᠤᠨ ᠣᠶ ᠶᠢ ᠲᠡᠮᠳᠡᠭᠯᠡᠵᠦ᠂ ᠳᠤᠮᠳᠠᠳᠤ ᠠᠦ᠋ᠰᠲᠷᠠᠯᠢᠶ᠎ᠠ ᠬᠤᠶᠠᠷ ᠤᠯᠤᠰ ᠤᠨ ᠰᠣᠶᠣᠯ ᠤᠷᠠᠯᠢᠭ ᠳᠠᠭᠤᠤ ᠬᠥᠭᠵᠢᠮ ᠤᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠦᠷᠭᠦᠯᠵᠢᠯᠡᠨ ᠠᠬᠢᠭᠤᠯᠵᠤ᠂ ᠬᠤᠶᠠᠷ ᠤᠯᠤᠰ ᠤᠨ ᠨᠠᠶᠢᠷᠠᠯ ᠳᠠᠭᠤᠤ ᠶᠢᠨ ᠤᠷᠠᠯᠢᠭ ᠤᠨ ᠪᠦᠯᠭᠦᠮ  ᠤᠨ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠨ᠂ ᠨᠠᠶᠢᠷᠠᠯ ᠳᠠᠭᠤᠤ ᠪᠠᠷ ︽ᠬᠥᠭᠦᠷᠭᠡ︾ ᠪᠣᠯᠭᠠᠨ᠂ ᠳᠠᠭᠤᠤ ᠪᠠᠷ ᠨᠥᠬᠦᠷᠯᠡᠯ ᠢ ᠳᠠᠮᠵᠢᠭᠤᠯᠵᠤ᠂ ᠳᠤᠮᠳᠠᠳᠤ ᠠᠦ᠋ᠰᠲᠷᠠᠯᠢᠶ᠎ᠠ ᠶᠢᠨ ᠰᠣᠶᠣᠯ ᠤᠷᠠᠯᠢᠭ ᠤᠨ ᠷᠢᠳᠢ ᠰᠢᠳᠢ ᠶᠢ ᠭᠦᠢᠴᠡᠳ ᠳᠡᠯᠭᠡᠨ ᠬᠠᠷᠠᠭᠤᠯᠵᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号