ᠠᠷᠠᠳ ᠤᠨ ᠡᠶᠡᠳᠡᠭᠦᠯᠭᠡ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/5/7
       ︽ᠲᠠᠨ ᠤ ᠬᠦᠯᠢᠴᠡᠩᠭᠦᠢ ᠡᠶᠡᠳᠡᠭᠦᠯᠭᠡ ᠪᠢᠳᠡᠨ ᠢ ᠬᠠᠪᠰᠤᠷᠤᠨ ᠵᠢᠭᠤᠷᠠᠯᠳᠤᠭᠠᠨ ᠢ ᠰᠢᠢᠳᠪᠦᠷᠢᠯᠡᠵᠦ᠂ ᠵᠠᠰᠠᠭ ᠤᠨ ᠣᠷᠳᠣᠨ ᠳᠤ ᠲᠠᠯᠠᠷᠬᠠᠵᠤ ᠪᠠᠶᠢᠨ᠎ᠠ︕︾ ᠭᠡᠵᠦ ᠸᠠᠩ ᠣᠪᠣᠭᠲᠤ ᠰᠡᠳᠬᠢᠯ ᠳᠣᠭᠳᠣᠯᠤᠨ︽ᠰᠠᠶᠢᠬᠠᠨ ᠲᠥᠪ ᠭᠤᠣᠯᠴᠢ᠂ ᠠᠷᠠᠳ ᠤᠨ ᠡᠶᠡᠳᠡᠭᠦᠯᠦᠭᠴᠢ ᠡᠷᠬᠡ ᠲᠡᠭᠰᠢ︾ ᠭᠡᠵᠦ ᠪᠢᠴᠢᠭᠰᠡᠨ ᠬᠡᠮᠡᠷᠯᠢᠭ ᠲᠤᠭ ᠢ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠨᠥᠬᠦᠷᠰᠡᠭ ᠲᠠᠰᠤᠯᠭ᠎ᠠ︾ ᠠᠷᠠᠳ ᠤᠨ ᠡᠶᠡᠳᠡᠭᠦᠯᠬᠦ ᠵᠥᠪᠯᠡᠯ ᠤᠨ ᠡᠶᠡᠳᠡᠭᠦᠯᠦᠭᠴᠢ ᠶᠢᠨ ᠭᠠᠷ ᠲᠤ ᠬᠦᠷᠭᠡᠵᠦ᠂ ᠲᠠᠯᠠᠷᠬᠠᠭᠰᠠᠨ ᠰᠡᠳᠬᠢᠯᠭᠡ ᠪᠠᠨ ᠢᠯᠡᠳᠬᠡᠪᠡ᠃          ᠣᠶᠢᠷ᠎ᠠ ᠳᠤ᠂ ᠭᠤᠶᠤᠴᠢᠯᠠᠭᠴᠢ ᠸᠠᠩ ᠣᠪᠣᠭᠲᠤ ᠪᠠ ᠭᠤᠶᠤᠴᠢᠯᠠᠭᠳᠠᠭᠴᠢ ᠠᠴᠠ ᠥᠪᠥᠷ ᠮᠣᠩᠭᠤᠯ ᠤᠨ ᠵᠢᠶᠠ ᠷᠦᠩ ᠠᠳᠠᠯ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠡᠷ᠎ᠡ ᠶᠢᠨ ᠵᠢᠭᠤᠷᠠᠯᠳᠤᠭᠠᠨ ᠠᠴᠠ ᠪᠣᠯᠵᠤ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠨᠠᠶᠢᠵᠠ ᠶᠢᠨ ᠲᠠᠰᠤᠯᠭ᠎ᠠ︾ ᠶᠢᠨ ᠠᠷᠠᠳ ᠤᠨ ᠡᠶᠡᠳᠡᠭᠦᠯᠬᠦ ᠵᠥᠪᠯᠡᠯ ᠳᠤ ᠡᠶᠡᠳᠡᠭᠦᠯᠬᠦ ᠪᠠᠷ ᠭᠤᠶᠤᠴᠢᠯᠠᠪᠠ᠃ ᠣᠶᠢᠯᠠᠭᠠᠭᠰᠠᠨ ᠢᠶᠠᠷ᠂ ᠭᠤᠶᠤᠴᠢᠯᠠᠭᠴᠢ ᠸᠠᠩ ᠣᠪᠣᠭᠲᠤ ᠪᠣᠯᠣᠨ ᠵᠢᠶᠠ ᠷᠦᠩ ᠢ ᠺᠧ ᠴᠡᠴᠡᠷᠯᠢᠭ ᠤᠨ ᠲᠥᠷᠥᠯ ᠵᠦᠢᠯ ᠤᠨ ᠬᠡᠯᠲᠡᠰ ᠭᠡᠷ᠎ᠡ ᠵᠠᠯᠭᠠᠵᠤ ᠭᠠᠷ ᠤᠨ ᠥᠰᠥᠭ ᠵᠢᠷᠤᠬᠤ ᠬᠤᠭᠤᠴᠠᠭᠠᠨ ᠳᠤ᠂ ᠶᠡᠷᠦᠩᠬᠡᠢ ᠺᠣᠮᠫᠠᠨᠢ ᠨᠢ ᠭᠤᠷᠪᠠᠳᠠᠭᠢ ᠡᠲᠡᠭᠡᠳ ᠤᠨ ᠤᠰᠤᠨ ᠤ ᠥᠷᠲᠡᠭᠡ ᠲᠠᠢ ᠭᠡᠷ᠎ᠡ ᠲᠣᠭᠲᠠᠵᠤ᠂ ᠭᠤᠷᠪᠠᠳᠤᠭᠠᠷ ᠲᠠᠯ᠎ᠠ ᠶᠢᠨ ᠤᠰᠤᠨ ᠤ ᠥᠷᠲᠡᠭᠡ ᠨᠢ ᠢ ᠺᠧ ᠴᠡᠴᠡᠷᠯᠢᠭ ᠤᠨ ᠲᠣᠭᠤᠷᠢᠭ ᠲᠤ ᠰᠠᠭᠤᠭᠰᠠᠨ ᠠᠴᠠ ᠭᠤᠶᠤᠴᠢᠯᠠᠭᠴᠢ ᠶᠢᠨ ᠤᠰᠤᠨ ᠤ ᠥᠷᠲᠡᠭᠡ ᠶᠢ ᠬᠡᠪ ᠤᠨ ᠶᠣᠰᠣᠭᠠᠷ ᠠᠵᠢᠯᠯᠠᠭᠤᠯᠬᠤ ᠶᠢᠨ ᠠᠷᠭ᠎ᠠ ᠦᠭᠡᠢ ᠪᠣᠯᠵᠤ᠂ ᠭᠤᠶᠤᠴᠢᠯᠠᠭᠴᠢ ᠶᠢᠨ ᠠᠳᠡ ᠠᠴᠠ ᠤᠰᠤᠨ ᠺᠠᠷᠲ ᠢ ᠭᠦᠢᠴᠡᠳᠬᠡᠭᠰᠡᠨ 153 ᠡᠷᠦᠬᠡ ᠰᠠᠭᠤᠭᠠᠯᠢ ᠠᠷᠠᠳ ᠬᠡᠪ ᠤᠨ ᠶᠣᠰᠣᠭᠠᠷ ᠤᠰᠤ ᠬᠡᠷᠡᠭᠯᠡᠵᠦ ᠳᠡᠶᠢᠯᠬᠦ ᠦᠭᠡᠢ ᠪᠣᠯᠤᠭᠰᠠᠨ ᠪᠠᠶᠢᠨ᠎ᠠ᠃ ᠡᠶᠡᠳᠡᠭᠦᠯᠦᠭᠴᠢ ᠬᠠᠤᠯᠢ ᠪᠠᠷ ᠵᠠᠰᠠᠬᠤ ᠲᠥᠪ ᠭᠤᠣᠯᠴᠢ ᠪᠠ ᠣᠶᠤᠨᠴᠢ ᠴᠢᠨᠠᠷ ᠢ ᠪᠠᠷᠢᠮᠲᠠᠯᠠᠵᠤ᠂ ᠬᠠᠤᠯᠢ ᠵᠦᠢ ᠪᠠᠷ ᠳᠠᠮᠵᠢᠭᠤᠯᠤᠨ ᠥᠪᠥᠷ ᠮᠣᠩᠭᠤᠯ ᠤᠨ ᠵᠢᠶᠠ ᠷᠦᠩ ᠠᠳᠠᠯ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠢᠳᠬᠠᠵᠤ ᠪᠠᠶᠢᠭᠠᠳ ᠨᠦᠭᠦᠭᠡ ᠲᠠᠯ᠎ᠠ ᠶᠢᠨ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠭᠤᠯᠪᠠ᠃ ᠡᠶᠡᠳᠡᠭᠦᠯᠦᠭᠴᠢ ᠶᠢᠨ ᠬᠦᠯᠢᠴᠡᠩᠭᠦᠢ ᠪᠠᠷ ᠢᠳᠬᠠᠬᠤ ᠪᠠᠷ ᠳᠡᠮᠵᠢᠨ᠂ ᠵᠢᠶᠠ ᠷᠦᠩ ᠠᠳᠠᠯ ᠠᠬᠤᠢ ᠶᠢᠨ ᠲᠠᠯ᠎ᠠ ᠪᠠᠷ 153 ᠡᠷᠦᠬᠡ ᠰᠠᠭᠤᠭᠠᠯᠢ ᠠᠷᠠᠳ ᠤᠨ ᠰᠢᠨ᠎ᠡ ᠬᠠᠭᠤᠴᠢᠨ ᠤᠰᠤᠨ ᠺᠠᠷᠲ ᠤᠨ ᠺᠠᠷᠲ ᠰᠢᠯᠵᠢᠭᠦᠯᠬᠦ ᠶᠠᠪᠤᠳᠠᠯ ᠢ ᠡᠭᠦᠷᠭᠡᠯᠡᠬᠦ ᠳᠤᠷᠠᠲᠠᠢ ᠭᠡᠵᠦ ᠢᠯᠡᠷᠬᠡᠶᠢᠯᠡᠵᠦ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠲᠣᠰ ᠤᠳᠠᠭᠠᠨ ᠤ ᠡᠶᠡᠳᠡᠭᠦᠯᠦᠭᠡᠳ ᠠᠮᠵᠢᠯᠲᠠ ᠣᠯᠵᠤ᠂ ᠬᠤᠶᠠᠷ ᠲᠠᠯ᠎ᠠ ᠪᠠᠷ ᠢᠶᠠᠨ ᠳᠠᠬᠢᠨ ᠮᠠᠷᠭᠤᠯᠳᠤᠭᠠᠨ ᠦᠭᠡᠢ ᠪᠣᠯᠪᠠ᠃            ᠬᠤᠶᠢᠰᠢᠳᠠ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠡᠭᠦᠨ ᠢᠶᠠᠷ ᠬᠥᠳᠡᠯᠭᠡᠬᠦ ᠬᠦᠴᠦᠨ ᠪᠣᠯᠭᠠᠵᠤ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠦᠭᠡᠢ ᠭᠡᠬᠦ ᠦᠵᠡᠯᠲᠡ ᠶᠢ ᠢᠮᠠᠭᠲᠠ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠠᠬᠢᠭᠤᠯᠵᠤ᠂ ᠣᠯᠠᠨ ᠲᠦᠮᠡᠨ ᠤ ᠨᠠᠶᠢᠳᠠᠨ ᠥᠭᠭᠦᠭᠰᠡᠨ ᠶᠠᠪᠤᠳᠠᠯ ᠨᠢᠭᠡᠪᠦᠷᠢ ᠶᠢ ᠴᠢᠷᠮᠠᠶᠢᠨ ᠰᠠᠶᠢᠲᠤᠷ ᠬᠢᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号