ᠰᠠᠶᠢᠬᠠᠨ ᠲᠣᠭᠤᠷᠢᠭ᠄ ᠬᠠᠤᠯᠢ ᠴᠠᠭᠠᠵᠠ ᠶᠢᠨ ᠬᠦᠴᠦᠨ ᠢᠶᠠᠷ ᠹᠧᠩᠵᠧᠨ ᠤ ᠬᠠᠭᠤᠴᠢᠨ ᠬᠤᠲᠠ ᠶᠢᠨ ᠲᠡᠦᠬᠡ ᠰᠣᠶᠣᠯ ᠤᠨ ᠥᠪ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/5/7
     ᠶᠡᠷᠦᠩᠬᠡᠢ ᠱᠦᠵᠢ ᠰᠢ ᠶᠢᠨ ᠫᠢᠩ᠄ ︽ᠲᠡᠦᠬᠡ ᠰᠣᠶᠣᠯ ᠤᠨ ᠥᠪ ᠨᠢ ᠳᠤᠮᠳᠠᠳᠤ ᠶᠢᠨ ᠦᠨᠳᠦᠰᠦᠲᠡᠨ ᠤ ᠴᠢᠰᠤᠨ ᠰᠤᠳᠠᠰᠤ ᠶᠢ ᠠᠴᠢᠶᠠᠯᠠᠵᠤ᠂ ᠡᠨᠡ ᠨᠢ ᠮᠠᠨ ᠤ ᠡᠨᠡ ᠨᠢᠭᠡ ᠦᠶ᠎ᠡ ᠶᠢᠨ ᠬᠥᠮᠥᠰ ᠲᠤ ᠬᠠᠷᠢᠶᠠᠯᠠᠭᠳᠠᠬᠤ ᠪᠠᠷ ᠪᠠᠷᠠᠬᠤ ᠦᠭᠡᠢ ᠪᠠᠰᠠ ᠦᠷ᠎ᠡ ᠬᠤᠶᠢᠴᠢᠰ ᠲᠠᠭᠠᠨ ᠬᠠᠷᠢᠶᠠᠯᠠᠭᠳᠠᠨ᠎ᠠ᠃ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠶᠢᠨ ᠲᠡᠦᠬᠡ ᠶᠢᠨ ᠳᠤᠷᠠᠰᠤᠮᠵᠢ ᠶᠢ ᠰᠠᠶᠢᠲᠤᠷ ᠦᠯᠡᠳᠡᠭᠡᠬᠦ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠹᠧᠩᠵᠧᠤ ᠶᠢᠨ ᠬᠠᠭᠤᠴᠢᠨ ᠬᠤᠲᠠ ᠶᠢᠨ ᠪᠠᠭᠤᠷᠢ ᠳᠤ ᠬᠠᠮᠲᠤᠷᠠᠨ ︽ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠵᠠᠷᠯᠢᠭ︾ ᠢ ᠨᠡᠶᠢᠲᠡᠯᠡᠭᠰᠡᠨ ᠪᠥᠭᠡᠳ ᠲᠤᠬᠠᠢ ᠶᠢᠨ ᠲᠠᠯᠠᠪᠤᠷ ᠲᠤ ᠬᠥᠰᠢᠶ᠎ᠡ ᠪᠣᠰᠬᠠᠨ ᠵᠠᠷᠯᠠᠨ ᠨᠡᠶᠢᠲᠡᠯᠡᠵᠦ᠂ ᠬᠠᠤᠯᠢ ᠴᠠᠭᠠᠵᠠ ᠶᠢᠨ ᠬᠦᠴᠦᠨ ᠢᠶᠠᠷ ᠬᠠᠭᠤᠴᠢᠨ ᠬᠤᠲᠠ ᠶᠢᠨ ᠪᠠᠭᠤᠷᠢ ᠶᠢ ᠬᠠᠮᠠᠭᠠᠯᠠᠬᠤ ᠬᠠᠯᠬᠠᠪᠴᠢ ᠶᠢ ᠪᠠᠬᠢᠵᠢᠭᠦᠯᠪᠡ᠃            ᠹᠧᠩᠵᠸᠤ ᠶᠢᠨ ᠬᠠᠭᠤᠴᠢᠨ ᠬᠤᠳᠠ ᠶᠢᠨ ᠪᠠᠭᠤᠷᠢ ᠶᠢ ᠯᠢᠶᠤᠤ ᠤᠯᠤᠰ ᠤᠨ ᠱᠧᠨ ᠴᠧᠨ ᠤ ᠲᠠᠪᠤᠳᠤᠭᠠᠷ ᠣᠨ ︵920 ᠣᠨ︶ ᠳᠤ ᠡᠬᠢᠯᠡᠨ ᠪᠠᠶᠢᠭᠤᠯᠵᠤ᠂ ᠲᠤᠰ ᠬᠤᠳᠠ ᠨᠢ ᠯᠢᠶᠤᠤ ᠤᠯᠤᠰ᠂ ᠠᠯᠳᠠᠨ ᠤᠯᠤᠰ᠂ ᠶᠤᠸᠠᠨ ᠤᠯᠤᠰ ᠤᠨ ᠭᠤᠷᠪᠠᠨ ᠦᠶ᠎ᠡ ᠠᠴᠠ ᠡᠬᠢᠯᠡᠨ᠂ ᠲᠠᠯ᠎ᠠ ᠨᠤᠲᠤᠭ ᠤᠨ ᠲᠣᠷᠭᠠᠨ ᠵᠠᠮ ᠪᠠ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠴᠢᠬᠤᠯᠠ ᠬᠦᠢᠰᠦ ᠬᠤᠳᠠ ᠪᠣᠯᠣᠨ᠎ᠠ᠂  ᠬᠦᠬᠡᠬᠤᠳᠠ ᠶᠢᠨ ᠰᠠᠶᠢᠬᠠᠨ ᠲᠣᠭᠤᠷᠢᠭ ᠲᠤ ᠪᠤᠢ᠃ ᠲᠥᠪ ᠬᠤᠲᠠ ᠶᠢᠨ ᠠᠷᠠᠳ ᠲᠦᠮᠡᠨ ᠤ ᠰᠠᠶᠢᠨ ᠮᠡᠳᠡᠳᠡᠭ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠨᠡᠷᠡᠶᠢᠳᠦᠯ ᠨᠢ ᠹᠧᠩᠵᠸᠤ ᠶᠢᠨ ᠬᠠᠭᠤᠴᠢᠨ ᠬᠤᠲᠠ ᠶᠢᠨ ᠪᠠᠷᠠᠭᠤᠨ ᠬᠤᠶᠢᠲᠤ ᠥᠨᠴᠥᠭ ᠤᠨ ᠲᠦᠮᠡᠨ ᠠᠶᠠᠯᠠᠯ ᠠᠴᠠ ᠢᠷᠡᠯᠲᠡ ᠲᠠᠢ᠃ ︽ᠴᠢᠩ ᠤᠯᠤᠰ ᠤᠨ ᠱᠧᠩᠽᠦ ᠶᠢᠨ ᠪᠣᠳᠠᠲᠤ ᠲᠡᠮᠳᠡᠭᠯᠡᠯ︾ ᠳᠤ᠄ ᠡᠩᠬᠡ ᠠᠮᠤᠭᠤᠯᠠᠩ ᠤᠨ ᠭᠤᠴᠢᠨ ᠲᠠᠪᠤᠳᠤᠭᠠᠷ ᠤᠨ ︵1696 ᠣᠨ︶ ᠳᠤ ᠡᠩᠬᠡ ᠠᠮᠤᠭᠤᠯᠠᠩ ᠬᠠᠭᠠᠨ ᠭᠠᠯᠳᠠᠨ ᠢ ᠳᠠᠶᠢᠯᠠᠷ᠎ᠠ ᠮᠣᠷᠳᠠᠵᠤ᠂ ︽ᠴᠠᠭᠠᠨ ᠰᠤᠪᠤᠷᠭ᠎ᠠ ᠠᠨᠤ ᠴᠠᠭᠠᠨ ᠰᠤᠪᠤᠷᠭ᠎ᠠ ᠪᠣᠯᠪᠠᠢ︾ ᠭᠡᠵᠦ ᠲᠡᠮᠳᠡᠭᠯᠡᠵᠡᠢ᠃ ᠰᠧ ᠷᠧᠨ ᠬᠡᠳᠦᠶᠢᠪᠡᠷ ᠨᠢᠭᠡᠨᠲᠡ ᠪᠠᠶᠢᠬᠤ ᠪᠣᠯᠪᠠᠴᠤ ᠦᠨᠳᠦᠰᠦᠲᠡᠨ ᠤ ᠬᠠᠮᠲᠤ ᠶᠢᠨ ᠳᠤᠷᠠᠳᠬᠠᠯ ᠪᠠ ᠰᠣᠶᠣᠯ ᠤᠨ ᠤᠯᠠᠮᠵᠢᠯᠠᠯ ᠢ ᠠᠴᠢᠶᠠᠯᠠᠵᠤ ᠪᠠᠶᠢᠭ᠎ᠠ ᠬᠠᠭᠤᠴᠢᠨ ᠬᠤᠳᠠ ᠶᠢᠨ ᠪᠠᠭᠤᠷᠢ ᠨᠢ ᠨᠢᠭᠡᠨᠲᠡ ᠰᠣᠶᠣᠯ ᠪᠠ ᠲᠡᠦᠬᠡ ᠶᠢᠨ ᠪᠠᠯᠠᠷᠠᠰᠢ ᠦᠭᠡᠢ ᠭᠡᠷᠡᠴᠢ ᠪᠣᠯᠤᠭᠰᠠᠨ ᠪᠠᠶᠢᠨ᠎ᠠ᠃          ᠰᠠᠶᠢᠬᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠶᠤᠴᠢᠯᠠᠯ ᠭᠠᠷᠭᠠᠵᠤ᠂ ᠰᠠᠶᠢᠬᠠᠨ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠬᠠᠮᠲᠤ ᠪᠠᠷ ︽ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠵᠠᠷᠯᠢᠭ︾ ᠢ ᠨᠡᠶᠢᠲᠡᠯᠡᠭᠰᠡᠨ ᠶᠠᠪᠤᠳᠠᠯ ᠪᠣᠯ ᠤᠯᠤᠰ ᠤᠨ ᠲᠠᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠣᠯᠬᠤ ᠹᠧᠩᠵᠧᠤ ᠶᠢᠨ ᠬᠠᠭᠤᠴᠢᠨ ᠬᠤᠲᠠ ᠶᠢᠨ ᠪᠠᠭᠤᠷᠢ ᠶᠢᠨ ᠪᠠᠷᠠᠭᠠᠯᠬᠢᠯᠠᠯᠳᠤ ᠴᠢᠨᠠᠷ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠦᠴᠦᠲᠡᠢ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠭᠠᠷᠭᠠᠭᠰᠠᠨ ᠲᠥᠪ ᠴᠢᠩᠭ᠎ᠠ ᠠᠮᠠᠯᠠᠯᠲᠠ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠪᠠ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠲᠡᠦᠬᠡ ᠰᠣᠶᠣᠯ ᠤᠨ ᠥᠪ ᠢ ᠬᠠᠮᠠᠭᠠᠯᠠᠬᠤ ᠰᠢᠨ᠎ᠡ ᠱᠠᠭᠠᠷᠳᠠᠯᠭ᠎ᠠ ᠶᠢ ᠲᠠᠰᠤᠷᠠᠯᠲᠠ ᠦᠭᠡᠢ ᠡᠵᠡᠮᠳᠡᠵᠦ᠂ ᠪᠦᠲᠦᠮᠵᠢᠲᠡᠢ ᠬᠠᠮᠠᠭᠠᠯᠠᠬᠤ ᠠᠷᠭ᠎ᠠ ᠵᠠᠮ ᠢ ᠬᠠᠮᠲᠤᠪᠠᠷ ᠰᠦᠪᠡᠭᠴᠢᠯᠡᠵᠦ᠂ ᠲᠡᠦᠬᠡ ᠰᠣᠶᠣᠯ ᠤᠨ ᠥᠪ ᠢ ᠬᠠᠮᠠᠭᠠᠯᠠᠬᠤ ᠳᠤ ᠨᠡᠩ ᠬᠦᠴᠦᠲᠡᠢ ᠬᠠᠤᠯᠢ ᠴᠠᠭᠠᠵᠠ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠬᠠᠩᠭᠠᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号