| | ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ 5 ᠤ | ᠡᠳᠦᠷ ᠣᠶᠢᠯᠠᠭᠠᠭᠰᠠᠨ ᠢᠶᠠᠷ᠂ 2024 ᠣᠨ ᠤ ︽5·1︾ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ | ︽ᠥᠪᠥᠷ ᠮᠣᠩᠭᠤᠯ ᠤᠨ ᠬᠠᠪᠤᠷ ᠤᠨ ᠪᠣᠯᠵᠤᠭ᠎ᠠ︾ ᠪᠠᠷ ᠭᠤᠣᠯ ᠰᠡᠳᠦᠪ ᠪᠣᠯᠭᠠᠨ᠂ 300 ᠭᠠᠷᠤᠢ ᠵᠦᠢᠯ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠡᠷᠭᠢᠯᠡᠵᠦ᠂ ᠬᠠᠪᠤᠷ ᠵᠣᠨ ᠤ ᠵᠢᠭᠤᠯᠴᠢᠯᠠᠯ ᠤᠨ 52 ᠵᠤᠷᠪᠤᠰ ᠱᠤᠭᠤᠮ ᠢ ᠭᠠᠷᠭᠠᠵᠤ᠂ | ᠾᠧᠪᠧᠢ ᠮᠤᠵᠢ᠂ ᠱᠠᠨ ᠰᠢ ᠮᠤᠵᠢ᠂ ᠭᠠᠨᠰᠤ ᠮᠤᠵᠢ᠂ ᠪᠡᠭᠡᠵᠢᠩ ᠬᠤᠲᠠ ᠪᠠ ᠯᠢᠶᠣᠤᠨᠢᠩ ᠮᠤᠵᠢ ᠪᠣᠯ ᠭᠠᠳᠠᠷ | ᠮᠤᠵᠢ ᠶᠢᠨ ᠵᠢᠭᠤᠯᠴᠢᠯᠠᠬᠰᠠᠳ ᠤᠨ ᠭᠤᠣᠯ ᠢᠷᠡᠯᠲᠡ ᠶᠢᠨ ᠭᠠᠵᠠᠷ ᠪᠣᠯᠵᠠᠢ᠃ ᠪᠦᠷᠢᠳᠬᠡᠯ ᠢ ᠦᠨᠳᠦᠰᠦᠯᠡᠪᠡᠯ᠂ ︽5·1︾ | ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠢᠶᠠᠷ ᠢᠶᠠᠨ ᠤᠯᠤᠰ ᠤᠨ ᠳᠣᠲᠣᠭᠠᠳᠤ ᠶᠢᠨ | ᠵᠢᠭᠤᠯᠴᠢᠯᠠᠬᠰᠠᠳ ᠢ 1502 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠬᠰᠠᠳ ᠤᠨ ᠶᠡᠷᠦᠩᠬᠡᠢ ᠵᠠᠷᠤᠯᠭ᠎ᠠ 106 ᠳ᠋ᠦᠩᠰᠢᠭᠤᠷ ᠲᠥᠭᠦᠷᠢᠭ ᠲᠤ ᠬᠦᠷᠴᠡᠢ᠃ | | | | | | ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠨᠢ ︽5·1︾ ᠤ ᠠᠮᠠᠷᠠᠯᠲᠠ ᠶᠢᠨ ᠬᠤᠭᠤᠴᠠᠭᠠᠨ ᠤ | ᠬᠠᠯᠠᠮᠰᠢᠯ ᠰᠣᠩᠭᠤᠯᠲᠠ ᠪᠣᠯᠵᠤ᠂ ᠪᠠᠷᠠᠭᠤᠨ ᠬᠤᠶᠢᠲᠤ ᠬᠡᠰᠡᠭ ᠤᠨ ᠭᠠᠵᠠᠷ ᠣᠷᠣᠨ ᠤ ᠲᠡᠷᠭᠡ ᠲᠦᠷᠢᠶᠡᠰᠦᠯᠡᠬᠦ | ᠨᠤᠷᠮ᠎ᠠ ᠶᠡᠭᠡ ᠪᠠᠷ ᠨᠡᠮᠡᠭᠳᠡᠵᠦ᠂ ᠦᠬᠠᠢ᠂ ᠪᠠᠶᠠᠨᠨᠠᠭᠤᠷ ᠵᠡᠷᠭᠡ ᠬᠤᠲᠠ ᠶᠢᠨ ᠲᠦᠷᠢᠶᠡᠰᠦᠯᠡᠭᠦᠯᠦᠭᠰᠡᠨ ᠨᠤᠷᠮ᠎ᠠ ᠡᠮᠦᠨ᠎ᠡ | ᠡᠩᠨᠡᠭᠡᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤ ᠳ᠋ᠧ | ᠭᠠᠵᠠᠷ ᠤᠨ ᠵᠢᠷᠤᠭ ᠤᠨ ᠬᠢᠨ ᠲᠠᠢ ᠬᠠᠮᠲᠤᠷᠠᠨ ᠭᠠᠷᠭᠠᠭᠰᠠᠨ ︽ᠨᠢᠭᠡ ᠳᠠᠷᠤᠪᠴᠢ ᠪᠠᠷ ᠥᠪᠥᠷ ᠮᠣᠩᠭᠤᠯ ᠳᠤ | ᠵᠢᠭᠤᠯᠴᠢᠯᠠᠬᠤ︾ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠲᠠᠪᠴᠠᠩ ᠨᠢ ᠵᠢᠭᠤᠯᠴᠢᠯᠠᠬᠰᠠᠳ ᠲᠤ ᠨᠠᠩ | ᠣᠯᠠᠨ ᠲᠥᠭᠦᠮ ᠨᠥᠬᠦᠴᠡᠯ ᠬᠠᠩᠭᠠᠪᠠ᠃ | | | ᠲᠣᠬᠯᠠᠯᠲᠠ ᠦᠵᠡᠰᠭᠦᠯᠡᠩ ᠤᠨ ᠲᠠᠯ᠎ᠠ ᠪᠠᠷ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠤᠨ ᠮᠣᠷᠢᠨ ᠪᠥᠵᠢᠭᠲᠦ ᠵᠦᠴᠦᠭᠡ ︽ᠪᠤᠭᠤᠷᠤᠯ ᠲᠡᠦᠬᠡ ᠶᠢᠨ ᠭᠦᠯᠦᠭ ᠤᠨ ᠮᠠᠭᠲᠠᠭᠠᠯ︾ ᠤᠨ | ᠲᠣᠬᠯᠠᠯᠲᠠ ᠵᠢᠩᠬᠢᠨᠢ ᠪᠠᠷ ᠡᠬᠢᠯᠡᠭᠰᠡᠨ ᠪᠥᠭᠡᠳ ᠪᠠᠰᠠ ︽ᠮᠣᠷᠢᠲᠤ ᠴᠡᠷᠢᠭ︾᠂ ︽ᠪᠢᠳᠡᠨ ᠤ ᠰᠠᠶᠢᠨ ᠰᠠᠶᠢᠬᠠᠨ | ᠠᠮᠢᠳᠤᠷᠠᠯ︾ ᠵᠡᠷᠭᠡ ᠣᠯᠠᠨ ᠵᠦᠴᠦᠭᠡ ︵ᠫᠷᠣᠭ᠍ᠷᠠᠮ︶ ᠶᠢ ᠵᠠᠯᠭᠠᠭ᠎ᠠ ᠪᠠᠷ ᠲᠣᠭᠯᠠᠪᠠ᠃ ᠡᠯ᠎ᠡ ᠲᠦᠷᠦᠯ ᠤᠨ ᠮᠦᠽᠧᠢ | ︽5·1︾ ᠤ ᠠᠮᠠᠷᠠᠯᠲᠠ ᠶᠢᠨ ᠬᠤᠭᠤᠴᠠᠭᠠᠨ ᠳᠤ 83.33 ᠲᠦᠮᠡᠨ ᠲᠤᠬᠠᠢ ᠶᠢᠨ ᠲᠠᠯᠠᠪᠠᠢ ᠶᠢᠨ ᠦᠵᠡᠭᠴᠢ ᠶᠢ | ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ ᠥᠪᠥᠷ | ᠮᠣᠩᠭᠤᠯ ᠤᠨ ᠮᠦᠽᠧᠢ ᠶᠢᠨ ᠡᠷᠭᠢᠯᠡᠭᠰᠡᠨ ︽ᠡᠷᠲᠡᠨ ᠤ ᠪᠣᠭᠤᠮᠲᠠ ᠶᠢᠨ ᠥᠩᠭᠡ ᠦᠵᠡᠮᠵᠢ - ᠣᠷᠳᠣ ᠴᠠᠭᠠᠨ ᠬᠡᠷᠡᠮ | ᠵᠢᠴᠢ ᠣᠷᠳᠣ ᠴᠠᠭᠠᠨ ᠬᠡᠷᠡᠮ ᠤᠨ ᠭᠠᠵᠠᠷ ᠣᠷᠣᠨ ᠤ ᠰᠣᠶᠣᠯ ᠤᠨ ᠠᠭᠤᠰᠤᠯᠴᠠᠯ︾ ᠵᠡᠷᠭᠡ ᠦᠵᠡᠰᠭᠦᠯᠡᠩ ᠨᠢ | ᠡᠳᠦᠷ ᠲᠤ 2 ᠲᠦᠮᠡᠨ ᠬᠥᠮᠥᠨ ᠤᠳᠠᠭ᠎ᠠ ᠶᠢ ᠭᠥᠯᠢᠶᠡᠨ ᠠᠪᠴᠠᠢ᠃ | | | | | | ︽5·1︾ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠠᠳᠠᠷᠠᠵᠤ᠂ ᠵᠢᠭᠤᠯᠴᠢᠯᠠᠬᠰᠠᠳ ᠤᠨ ᠲᠤᠭ᠎ᠠ ᠪᠣᠯᠣᠨ ᠬᠡᠷᠡᠭᠯᠡᠭᠡ ᠴᠥᠮ ᠰᠢᠨ᠎ᠡ | ᠲᠡᠮᠳᠡᠭᠯᠡᠯ ᠢ ᠡᠭᠦᠳᠴᠦ᠂ ᠡᠯ᠎ᠡ ᠠᠶᠢᠮᠠᠭ ᠬᠤᠳᠠ ᠶᠢᠨ ᠠᠵᠤ ᠠᠬᠤᠢ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ᠭᠦᠭᠡᠬᠤᠲᠠ ᠶᠢᠨ ᠨᠡᠶᠢᠲᠡᠯᠡᠭᠰᠡᠨ ︽ᠨᠢᠭᠡ ᠬᠤᠲᠠ ᠪᠠᠷ ᠤᠮᠠᠷᠠᠲᠤ ᠬᠢᠯᠢ ᠶᠢ ᠬᠠᠷᠠᠬᠤᠢ - ᠭᠦᠭᠡᠬᠤᠲᠠ ᠶᠢᠨ | ᠠᠮᠠᠷᠠᠯᠲᠠ ᠶᠢᠨ ᠲᠥᠯᠥᠪᠯᠡᠭᠡ︾ ᠨᠢ ᠰᠡᠯᠡᠭᠦᠴᠡᠯ ᠵᠢᠭᠤᠯᠴᠢᠯᠠᠯ ᠢᠶᠠᠷ ᠭᠤᠣᠯ ᠪᠤᠯᠭᠠᠵᠤ᠂ ᠲᠡᠮᠦᠷ ᠵᠠᠮ ᠤᠨ 12306 | ᠲᠠᠪᠴᠠᠩ ᠤᠨ ᠲᠤᠭ᠎ᠠ ᠪᠠᠷᠢᠮᠲᠠ ᠠᠴᠠ ᠦᠵᠡᠪᠡᠯ᠂ ︽ᠪᠡᠭᠡᠵᠢᠩ ᠠᠴᠠ ᠭᠦᠭᠡᠬᠤᠲᠠ ᠬᠦᠷᠬᠦ︾ ᠨᠢ ᠪᠦᠭᠦ ᠤᠯᠤᠰ ᠤᠨ | ᠬᠠᠯᠠᠮᠰᠢᠯ ᠭᠠᠵᠠᠷ ᠪᠣᠯᠵᠠᠢ᠃ ᠪᠤᠭᠤᠲᠤ ᠬᠤᠳᠠ ᠶᠢᠨ ᠭᠦᠶᠠᠩ ᠤᠨ ᠴᠢᠨ ᠤᠯᠤᠰ ᠤᠨ ᠤᠷᠳᠤ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ ᠪᠣᠯᠣᠨ ᠲᠣᠮᠣ ᠭᠡᠯᠪᠡᠷᠢ ᠶᠢᠨ ᠪᠣᠳᠠᠲᠤ ᠦᠵᠡᠭᠳᠡᠯᠲᠦ ᠲᠣᠬᠯᠠᠯᠲᠠ ︽ᠭᠤᠷᠪᠠᠨ | ᠠᠷᠤᠤᠬᠠᠨ ᠯᠢᠦᠢ ᠪᠦ᠋ ᠲᠠᠢ ᠪᠠᠶᠢᠯᠳᠤᠭᠰᠠᠨ︾ ᠭᠡᠬᠦ ᠵᠦᠴᠦᠭᠡ ᠨᠢ ᠤᠯᠠᠨ ᠤ ᠠᠩᠬᠠᠷᠤᠯ ᠢ ᠲᠠᠲᠠᠪᠠ᠃ ᠬᠥᠯᠥᠨ ᠪᠤᠶᠢᠷ | ᠬᠤᠲᠠ ᠶᠢᠨ ︽ᠨᠣᠮ ᠪᠢᠴᠢᠭ ᠢ ᠳᠠᠭᠠᠵᠤ ᠵᠢᠭᠤᠯᠴᠢᠯᠠᠬᠤ︾ ᠵᠠᠮ ᠱᠤᠭᠤᠮ ᠪᠤᠯᠬᠤ ︽ᠡᠷᠭᠦᠨ᠎ᠡ ᠭᠤᠣᠯ ᠤᠨ ᠪᠠᠷᠠᠭᠤᠨ | ᠡᠷᠭᠢ︾ ᠶᠢᠨ ᠰᠣᠳᠣᠨ ᠱᠤᠭᠤᠮ ᠨᠢ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠢᠶᠠᠨ ᠤᠷᠢᠳᠴᠢᠯᠠᠨ ᠤᠭᠲᠤᠨ | ᠠᠪᠴᠢᠷᠠᠪᠠ᠃ ᠤᠯᠠᠭᠠᠨᠬᠠᠳᠠ ᠬᠤᠲᠠ ᠶᠢᠨ ᠴᠠᠭᠠᠰᠤᠨ ᠰᠢᠪᠠᠭᠤ ᠶᠢᠨ ᠨᠠᠶᠢᠷ ᠪᠠ ᠬᠠᠯᠠᠭᠤᠨ ᠷᠠᠰᠢᠶᠠᠨ ᠤ | ᠵᠢᠭᠤᠯᠴᠢᠯᠠᠯ ᠤᠨ ᠪᠠᠶᠠᠷ ᠨᠢ ︽ᠬᠠᠰ ᠯᠤᠤ ᠶᠢ ᠳᠠᠭᠠᠵᠤ ᠤᠯᠠᠭᠠᠨᠬᠠᠳᠠ ᠪᠠᠷ ᠵᠢᠭᠤᠯᠴᠢᠯᠠᠬᠤ︾ ᠬᠠᠯᠠᠭᠤᠨ ᠥᠷᠨᠢᠯᠲᠡ | ᠭᠠᠷᠭᠠᠪᠠ᠃ | | |