ᠭᠦᠭᠡᠬᠤᠳᠠ ᠶᠢᠨ 834 ᠭᠤᠣᠯᠳᠠᠯᠭ᠎ᠠ ᠲᠠᠢ ᠲᠦᠷᠦᠯ ᠵᠦᠢᠯ ᠪᠠᠷᠢᠯᠭ᠎ᠠ ᠡᠬᠢᠯᠡᠵᠦ ᠠᠵᠢᠯ ᠰᠡᠷᠭᠦᠭᠡᠪᠡ
ᠨᠡᠶᠢᠲᠡᠯᠡᠭᠰᠡᠨ ᠴᠠᠭ᠄
2024/5/7
       ᠰᠤᠷᠪᠤᠯᠵᠢᠯᠠᠬᠴᠢ ᠭᠦᠭᠡᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠳᠠ  ᠶᠡᠷᠦᠩᠬᠡᠢ ᠪᠡᠯᠡ ᠤᠷᠤᠭᠤᠯᠤᠯᠳᠠ ᠨᠢ 1500 ᠳ᠋ᠦᠩᠰᠢᠭᠤᠷ ᠲᠥᠭᠦᠷᠢᠭ ᠢ ᠳᠠᠪᠠᠭ᠋ᠤ 1100 ᠭᠠᠷᠤᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ   ᠪᠠᠷ ᠲᠥᠯᠥᠪᠯᠡᠵᠦ᠂ 4 ᠰᠠᠷ᠎ᠠ ᠶᠢᠨ ᠡᠬᠢᠨ ᠪᠤᠯᠳᠠᠯ᠎ᠠ 834 ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢ ᠡᠬᠢᠯᠡᠭᠦᠯᠦᠭᠰᠡᠨ ᠪᠤᠶᠤ ᠠᠵᠢᠯ ᠢᠶᠠᠨ  ᠰᠡᠷᠭᠦᠭᠡᠪᠡ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠴᠢᠬᠤᠯᠠ ᠶᠡᠭᠡ ᠲᠦᠷᠦᠯ ᠵᠦᠢᠯ 472 ᠪᠠᠶᠢᠵᠤ᠂ ᠪᠠᠷᠢᠯᠭ᠎ᠠ ᠡᠬᠢᠯᠡᠵᠦ ᠠᠵᠢᠯ ᠰᠡᠷᠭᠦᠭᠡᠭᠰᠡᠨ ᠨᠤᠷᠮ᠎ᠠ ᠨᠢ 91% ᠳᠤ ᠬᠦᠷᠴᠦ᠂ 294 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠵᠢᠯ ᠤᠨ ᠡᠭᠦᠷᠭᠡ ᠶᠢᠨ   ᠢᠶᠠᠨ 23% ᠶᠢ ᠪᠡᠶᠡᠯᠡᠭᠦᠯᠦᠭᠰᠡᠨ ᠪᠠᠶᠢᠨ᠎ᠠ᠃            ᠣᠶᠢᠯᠠᠭᠠᠭᠰᠠᠨ ᠢᠶᠠᠷ᠂ ᠭᠦᠭᠡᠬᠤᠳᠠ ᠶᠢᠨ ᠡᠨᠡ ᠵᠢᠯ ᠰᠢᠨ᠎ᠡ ᠪᠠᠷ ᠪᠦᠲᠦᠭᠡᠨ ᠪᠠᠶᠢᠭᠤᠯᠬᠤ 204 ᠴᠢᠬᠤᠯᠠ ᠶᠡᠭᠡ ᠲᠦᠷᠦᠯ ᠵᠦᠢᠯ ᠠᠴᠠ 190  ᠲᠦᠷᠦᠯ ᠵᠦᠢᠯ ᠨᠢ ᠨᠢᠭᠡᠨᠲᠡ ᠡᠮᠦᠨᠡᠬᠢ ᠬᠤᠭᠤᠴᠠᠭᠠᠨ ᠤ ᠭᠠᠷᠳᠠᠮ ᠢᠶᠠᠨ ᠭᠦᠢᠴᠡᠳᠬᠡᠵᠦ᠂ ᠡᠮᠦᠨᠡᠬᠢ ᠬᠤᠭᠤᠴᠠᠭᠠᠨ ᠤ ᠭᠠᠷᠳᠠᠮ ᠢᠶᠠᠨ ᠭᠦᠢᠴᠡᠳᠬᠡᠭᠰᠡᠨ  ᠨᠤᠷᠮ᠎ᠠ 93% ᠳᠤ ᠭᠦᠷᠪᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠤᠪᠢ ᠳᠤ᠂ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠰᠢᠨ᠎ᠡ ᠨᠢᠰᠬᠡᠯ  ᠤᠨ  ᠪᠠᠭᠤᠳᠠᠯ ᠤᠨ ᠠᠭᠠᠷ ᠤᠨ ᠠᠶᠠᠯᠠᠯ ᠤᠨ ᠠᠰᠠᠷ ᠤᠨ ᠭᠤᠣᠯ ᠪᠠᠷᠢᠯᠭ᠎ᠠ ᠶᠢ ᠨᠢᠭᠡᠨᠲᠡ ᠴᠢᠮᠡᠭᠯᠡᠵᠦ ᠡᠬᠢᠯᠡᠨ᠂ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ  ᠲᠤᠬᠠᠶᠢᠯᠠᠭᠰᠠᠨ ᠠᠵᠢᠯ ᠤᠨ ᠭᠡᠷ ᠤᠨ ᠠᠲᠠᠷ ᠢ ᠲᠠᠯᠪᠢᠵᠠᠢ᠃ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ᠂ S29 ᠭᠦᠭᠡᠬᠤᠳᠠ ᠠᠴᠠ  ᠯᠢᠶᠡᠩᠴᠧᠩ ᠬᠦᠷᠬᠦ ᠲᠦᠷᠭᠡᠨ ᠤ ᠵᠠᠰᠠᠮᠠᠯ ᠵᠠᠮ᠂ S311 ᠦᠴᠦᠸᠠᠨ ᠠᠴᠠ ᠤᠯᠢᠶᠠᠰᠤᠨ ᠳᠠᠪᠠᠭ᠎ᠠ ᠬᠦᠷᠬᠦ ᠵᠠᠰᠠᠮᠠᠯ ᠵᠠᠮ ᠤᠨ ᠭᠤᠣᠯ ᠪᠠᠷᠢᠯᠭ᠎ᠠ ᠶᠢ  ᠦᠨᠳᠦᠰᠦᠨ ᠳᠡᠭᠡᠨ ᠳᠠᠭᠤᠰᠬᠠᠨ᠂ ᠡᠨᠡ ᠵᠢᠯ ᠲᠡᠷᠭᠡ ᠨᠡᠪᠲᠡᠷᠡᠭᠦᠯᠬᠦ ᠪᠤᠯᠤᠨ᠎ᠠ᠃ ᠵᠢᠨᠱᠠᠨ ᠢᠯᠴᠢ ᠶᠢᠨ ᠴᠠᠭᠢᠯᠭᠠᠨ ᠤ ᠭᠤᠷᠪᠠᠳᠤᠭᠠᠷ ᠬᠤᠭᠤᠴᠠᠭ᠎ᠠ ᠶᠢᠨ ᠪᠠᠷᠢᠯᠭ᠎ᠠ   ᠶᠢ ᠱᠠᠯᠠᠪᠳᠠᠨ ᠠᠬᠢᠭᠤᠯᠵᠤ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠵᠢᠴᠢ  ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠤᠨ ᠰᠠᠭᠤᠷᠢ ᠶᠢ ᠲᠠᠯᠪᠢᠵᠤ ᠪᠠᠷᠢᠯᠭ᠎ᠠ ᠡᠬᠢᠯᠡᠭᠦᠯᠪᠡ᠃ ᠠᠵᠤ ᠦᠢᠯᠡᠰ ᠤᠨ ᠬᠥᠭᠵᠢᠯᠲᠡ  ᠶᠢᠨ ᠬᠦᠷᠢᠶᠡᠨ ᠤ  ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠳ᠋ᠠᠶᠢᠲ᠋ᠠ ᠶᠢᠨ ᠲᠥᠪ᠂ ᠬᠤᠸᠠ ᠸᠧᠢ ᠶᠢᠨ ᠳ᠋ᠠᠶᠢᠲ᠋ᠠ ᠶᠢᠨ ᠲᠥᠪ᠂ ᠠᠲ᠋ᠧᠰ ᠭᠡᠷᠡᠯᠴᠢ  ᠴᠡᠨᠡᠭ ᠤᠨ ᠪᠦᠭᠦ ᠠᠵᠤ ᠦᠢᠯᠡᠰ ᠤᠨ ᠬᠡᠯᠬᠢᠶᠡᠨ ᠤ ᠲᠦᠷᠦᠯ ᠵᠦᠢᠯ᠂ ᠷᠦᠨ ᠶᠠ ᠰᠢᠨ᠎ᠡ ᠡᠨᠧᠷᠭᠢ᠂ ᠾᠧ ᠱᠧᠩ ᠨᠡᠭᠦᠷᠡᠰᠦᠲᠥ᠋ᠷᠥᠭᠴᠢᠲᠦ ᠴᠠᠬᠢᠭᠤᠷ᠂  ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠨ ᠤ ᠤᠯᠠᠨ ᠤᠯᠤᠰ ᠤᠨ ᠬᠦᠢᠲᠡᠨ ᠬᠡᠯᠬᠢᠶᠡᠨ ᠤ ᠡᠳ᠋ ᠪᠠᠷᠠᠭᠠᠨ ᠤ ᠭᠦᠢᠯᠭᠡᠭᠡ ᠶᠢᠨ ᠰᠠᠭᠤᠷᠢᠨ ᠵᠡᠷᠭᠡ  ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠤᠨ ᠪᠠᠷᠢᠯᠭ᠎ᠠ ᠶᠢ ᠡᠬᠢᠯᠡᠭᠦᠯᠦᠭᠰᠡᠨ ᠪᠤᠶᠤ ᠠᠵᠢᠯ ᠰᠡᠷᠭᠦᠭᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ   ᠶᠢᠨ ᠬᠦᠷᠢᠶᠡᠨ ᠤ 229 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ 4  ᠰᠠᠷ᠎ᠠ ᠶᠢᠨ ᠰᠡᠭᠦᠯᠴᠢ ᠠᠴᠠ ᠡᠮᠦᠨ᠎ᠡ ᠪᠦᠭᠦᠨ ᠢ ᠪᠠᠷᠢᠯᠭ᠎ᠠ ᠡᠬᠢᠯᠡᠭᠦᠯᠬᠦ ᠪᠣᠯᠣᠨ᠎ᠠ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠡᠮᠦᠨᠡᠬᠢ ᠬᠤᠭᠤᠴᠠᠭᠠᠨ ᠤ  ᠠᠵᠢᠯ ᠢ ᠱᠠᠯᠠᠪᠳᠠᠨ ᠠᠬᠢᠭᠤᠯᠵᠤ᠂ ᠳᠤᠯᠠᠭᠠᠯᠠᠭ᠎ᠠ ᠵᠣᠭᠰᠣᠭᠰᠠᠭᠠᠷ ᠪᠠᠷᠢᠯᠭ᠎ᠠ ᠪᠠᠨ ᠡᠬᠢᠯᠡᠭᠦᠯᠬᠦ ᠶᠢ ᠪᠠᠲᠤᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号