99 ᠲᠦᠷᠦᠯ ᠤᠨ ᠲᠠᠮᠢᠷ ᠤᠨ ᠤᠷᠤᠯᠳᠤᠭᠠᠨ ᠶᠠᠪᠤᠭᠳᠠᠭᠤᠯᠤᠨ᠎ᠠ
ᠨᠡᠶᠢᠲᠡᠯᠡᠭᠰᠡᠨ ᠴᠠᠭ᠄
2024/5/7
     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠡᠨᠡ ᠵᠢᠯ 99 ᠲᠥᠷᠥᠯ ᠤᠨ ᠲᠠᠮᠢᠷ ᠤᠨ ᠤᠷᠤᠯᠳᠤᠭᠠᠨ ᠢ ᠡᠷᠭᠢᠯᠡᠭᠦ ᠪᠠᠷ ᠪᠤᠢ᠂ ᠡᠭᠦᠨ ᠳᠤ ᠣᠯᠠᠨ ᠤᠯᠤᠰ ᠤᠨ ᠲᠠᠰ ᠬᠢᠭᠡᠳ ᠤᠯᠤᠰ ᠤᠨ ᠲᠠᠰ ᠤᠨ 13 ᠲᠦᠷᠦᠯ᠂ ᠥᠪᠡᠷᠲᠡᠭᠡᠨ ᠵᠠᠰᠠᠬᠤ ᠣᠷᠣᠨ ᠤ ᠲᠠᠰ ᠤᠨ 86 ᠲᠦᠷᠦᠯ ᠤᠨ ᠤᠷᠤᠯᠳᠤᠭᠠᠨ ᠪᠠᠶᠢᠵᠤ᠂ ᠤᠷᠤᠯᠳᠤᠭᠠᠨ ᠤ ᠬᠡᠪᠴᠢᠶ᠎ᠡ ᠶᠢ ᠥᠷᠭᠡᠳᠬᠡᠬᠦ᠂ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠤᠷᠤᠯᠳᠤᠭᠠᠨ ᠡᠷᠭᠢᠯᠡᠭᠦ ᠬᠢᠷᠢ ᠲᠦᠪᠰᠢᠨ ᠢ ᠳᠡᠭᠡᠭᠰᠢᠯᠡᠭᠦᠯᠭᠦ᠂ ᠣᠯᠠᠨ ᠲᠦᠮᠡᠨ ᠤ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠭᠦ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃
     ᠣᠶᠢᠯᠠᠭᠠᠭᠰᠠᠨ ᠢᠶᠠᠷ᠂ ᠥᠨᠥ ᠵᠢᠯ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠮᠠᠨ ᠤ ᠣᠷᠣᠨ ᠤ ᠮᠥᠰᠥ ᠴᠠᠰᠤ᠂ ᠲᠠᠯ᠎ᠠ ᠨᠤᠲᠤᠭ᠂ ᠡᠯᠡᠰᠦ ᠮᠠᠩᠬ᠎ᠠ ᠵᠡᠷᠭᠡ ᠪᠠᠶᠢᠭᠠᠯᠢ ᠶᠢᠨ ᠡᠬᠢ ᠪᠠᠶᠠᠯᠢᠭ ᠪᠠ ᠲᠠᠯᠠᠪᠠᠢ ᠣᠷᠳᠣᠨ ᠤ ᠡᠬᠢ ᠪᠠᠶᠠᠯᠢᠭ ᠤᠨ ᠳᠠᠪᠠᠭᠤᠯᠢᠭ ᠵᠢᠴᠢ ᠪᠤᠶᠢᠺᠤ ᠪᠥᠮᠪᠦᠭᠡ᠂ ︽ᠭᠤᠷᠪᠠᠨ ᠲᠣᠮᠣ ᠪᠥᠮᠪᠦᠭᠡ︾ ᠵᠡᠷᠭᠡ ᠪᠥᠮᠪᠥᠭᠡᠨ ᠲᠥᠷᠥᠯ ᠤᠨ ᠳᠠᠪᠠᠭᠤᠯᠢᠭ ᠢ ᠭᠦᠢᠴᠡᠳ ᠠᠰᠢᠭᠯᠠᠵᠤ᠂ 2024 ᠣᠨ ᠤ ᠡᠷᠡᠭᠲᠡᠢ ᠶᠢᠨ ᠪᠤᠶᠢᠺᠤ ᠪᠥᠮᠪᠦᠭᠡ ᠶᠢᠨ ᠠᠽᠢᠶ᠎ᠠ ᠲᠢᠪ ᠤᠨ ᠮᠠᠩᠯᠠᠢ ᠬᠤᠨᠳᠠᠭᠠᠲᠤ ᠤᠷᠤᠯᠳᠤᠭᠠᠨ᠂ ᠠᠽᠢᠶ᠎ᠠ ᠲᠢᠪ·ᠶᠡᠭᠡ ᠳᠠᠯᠠᠢ ᠶᠢᠨ ᠲᠢᠪ ᠤᠨ ᠵᠥᠭᠡᠯᠡᠨ ᠮᠠᠶ᠋ᠢᠭ ᠤᠨ ᠪᠤᠶᠢᠺᠤ ᠪᠥᠮᠪᠦᠭᠡ ᠶᠢᠨ ᠡᠭᠡᠯᠵᠢᠲᠦ ᠤᠷᠤᠯᠳᠤᠭᠠᠨ ᠵᠢᠴᠢ AOFC ᠺᠯᠦ᠋ᠪ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠣᠯᠠᠨ ᠤᠯᠤᠰ ᠤᠨ ᠤᠷᠤᠯᠳᠤᠭᠠᠨ᠂ ᠪᠦᠭᠦ ᠤᠯᠤᠰ ᠤᠨ ᠠᠷᠤᠷ᠎ᠠ ᠪᠥᠮᠪᠦᠭᠡ ᠶᠢᠨ ᠬᠤᠪᠢ ᠲᠡᠮᠳᠡᠭᠯᠡᠬᠦ ᠤᠷᠤᠯᠳᠤᠭᠠᠨ ᠤ ᠭᠦᠭᠡᠬᠤᠲᠠ ᠥᠷᠲᠡᠭᠡ᠂ 2024 ᠣᠨ ᠤ ᠳᠤᠮᠳᠠᠳᠤ ᠤᠯᠤᠰ ᠤᠨ ᠮᠣᠲ᠋ᠣᠷ ᠤᠨ ᠬᠡᠭᠡᠷᠡᠯᠡᠨ ᠠᠶᠠᠯᠠᠬᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠢᠣᠳᠣᠣ ᠪᠦᠭᠡ ᠶᠢᠨ ᠬᠤᠪᠢ ᠲᠡᠮᠳᠡᠭᠯᠡᠬᠦ ᠤᠷᠤᠯᠳᠤᠭᠠᠨ ᠵᠡᠷᠭᠡ ᠪᠦᠭᠦ ᠤᠯᠤᠰ ᠤᠨ ᠴᠢᠨᠠᠷᠲᠠᠢ ᠤᠷᠤᠯᠳᠤᠭᠠᠨ ᠢ ᠡᠷᠭᠢᠯᠡᠵᠦ᠂ ᠴᠢᠬᠤᠯᠠ ᠶᠡᠭᠡ ᠤᠷᠤᠯᠳᠤᠭᠠᠨ ᠤ ᠰᠣᠶᠣᠯ ᠵᠢᠭᠤᠯᠴᠢᠯᠠᠯ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠬᠤᠷᠠᠯ ᠦᠵᠡᠰᠭᠦᠯᠡᠩ᠂ ᠠᠷᠠᠯᠵᠢᠶ᠎ᠠ ᠬᠤᠳᠠᠯᠳᠤᠭ᠎ᠠ᠂ ᠵᠡᠮ ᠬᠠᠷᠢᠯᠴᠠᠭ᠎ᠠ᠂ ᠵᠤᠭ᠎ᠠ ᠴᠡᠩᠭᠡᠯ ᠵᠡᠷᠭᠡ ᠠᠵᠢᠯ ᠲᠥᠷᠥᠯ ᠤᠨ ᠬᠡᠷᠡᠭᠯᠡᠭᠡ ᠶᠢ ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃
     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠡᠷᠭᠢᠯᠡᠭᠦ ᠪᠠᠷ ᠪᠠᠶᠢᠭ᠎ᠠ ᠡᠯ᠎ᠡ ᠲᠥᠷᠥᠯ ᠤᠨ ᠲᠠᠮᠢᠷ ᠤᠨ ᠤᠷᠤᠯᠳᠤᠭᠠᠨ ᠳᠤ ᠴᠢᠭᠯᠡᠭᠦᠯᠦᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ︽ᠲᠠᠮᠢᠷ ᠤᠨ ᠤᠷᠤᠯᠳᠤᠭᠠᠨ ᠢ ᠦᠵᠡᠮᠵᠢ ᠶᠢᠨ ᠣᠷᠣᠨ᠂ ᠵᠡᠭᠡᠯᠢ ᠲᠣᠭᠤᠷᠢᠭ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ︾ᠠᠵᠢᠯᠯᠠᠭ᠎ᠠ ᠶᠢ ᠰᠠᠶᠢᠲᠤᠷ ᠬᠢᠬᠦ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠬᠦ᠂ ︽ᠤᠷᠤᠯᠳᠤᠭᠠᠨ ᠢ ᠲᠠᠭᠠᠨ ᠵᠢᠭᠤᠯᠴᠢᠯᠠᠬᠤ︾ ᠠᠵᠢᠯᠯᠠᠭ᠎ᠠ ᠶᠢ ᠰᠠᠶᠢᠲᠤᠷ ᠬᠢᠬᠦ᠂ ᠴᠠᠰᠤ ᠮᠥᠰᠥᠨ ᠤ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠬᠤ᠂ ᠲᠠᠯᠠᠪᠤᠷ ᠭᠠᠵᠠᠷ ᠤᠨ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠭᠦ᠂ ᠤᠬᠠᠭᠤᠯᠬᠤ ᠡᠷᠴᠢᠮ ᠢ ᠴᠢᠩᠭᠠᠷᠠᠭᠤᠯᠬᠤ᠂ ᠰᠣᠳᠣᠨ ᠵᠢᠱᠢᠶ᠎ᠡ ᠦᠵᠡᠭᠦᠯᠭᠦ ᠢᠨᠵᠧᠨᠧᠷᠢᠩ ᠢ ᠪᠠᠶᠢᠭᠤᠯᠬᠤ ᠵᠡᠷᠭᠡ 10 ᠲᠠᠯ᠎ᠠ ᠪᠠᠷ ᠬᠦᠴᠦᠯᠡᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号