| | 4 ᠰᠠᠷ᠎ᠠ ᠶᠢᠨ 30 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠭᠦᠭᠡᠬᠤᠲᠠ ᠶᠢᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠨᠡᠶᠢᠭᠡᠮᠯᠢᠭ ᠲᠤ ᠰᠠᠭᠤᠭ᠎ᠠ ᠳᠡᠳ᠋ ᠲᠡᠷᠢᠭᠦᠯᠡᠭᠴᠢ ᠬᠠᠨ ᠵᠢᠶᠠ ᠲᠦᠩ ᠫᠷᠤᠹᠧᠰᠰᠤᠷ | ᠤᠷᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷ᠎ᠡ ᠤᠷᠤᠰ ᠤᠨ | ᠢᠨᠵᠧᠨᠧᠷᠢᠩ ᠤᠨ ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠪᠠᠷ ᠰᠣᠩᠭᠤᠭᠳᠠᠪᠠ᠃ | | | ᠤᠷᠤᠰ ᠤᠨ ᠢᠨᠵᠧᠨᠧᠷᠢᠩ ᠤᠨ ᠬᠦᠷᠢᠶᠡᠯᠡᠩ ︵RAE︶ 1990 ᠣᠨ ᠳᠤ ᠪᠠᠶᠢᠭᠤᠯᠤᠭᠳᠠᠵᠤ᠂ ᠤᠯᠠᠨ | ᠤᠯᠤᠰ ᠤᠨ ᠡᠷᠳᠡᠮ ᠰᠢᠨᠵᠢᠯᠡᠭᠡᠨ ᠤ ᠴᠢᠬᠤᠯᠠ ᠨᠥᠯᠥᠭᠡ ᠲᠠᠢ ᠰᠢᠨᠵᠢᠯᠡᠬᠦ ᠤᠬᠠᠭᠠᠨ ᠤ ᠪᠠᠶᠢᠭᠤᠯᠤᠮᠵᠢ ᠪᠠ ᠪᠦᠭᠦ | ᠤᠷᠤᠰ ᠤᠨ ᠤᠯᠠᠨ ᠨᠡᠶᠢᠲᠡ ᠶᠢᠨ ᠵᠣᠬᠢᠶᠠᠨ ᠪᠠᠶᠢᠭᠤᠯᠤᠯᠲᠠ ᠪᠠᠶᠢᠵᠤ᠂ 1993 ᠣᠨ ᠳᠤ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠥᠪᠯᠡᠬᠦ | ᠪᠠᠶᠢᠷᠢ ᠰᠠᠭᠤᠷᠢ ᠶᠢ ᠣᠯᠵᠤ᠂ 1997 ᠣᠨ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠳᠤ ᠳᠤᠮᠳᠠᠳᠤ ᠡᠸᠦ᠋ᠷᠦᠫᠡ ᠪᠠ ᠵᠡᠭᠦᠨ | ᠡᠸᠦ᠋ᠷᠦᠫᠡ ᠶᠢᠨ ᠰᠢᠨ᠎ᠡ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠵᠣᠬᠢᠶᠠᠨ ᠪᠠᠶᠢᠭᠤᠯᠤᠯᠲᠠ ᠶᠢᠨ ᠨᠢᠭᠡ ᠪᠠᠷ | ᠵᠢᠭᠰᠠᠭᠠᠭᠳᠠᠪᠠ᠃ ᠣᠲᠣ 1500 ᠰᠢᠬᠠᠮ ᠠᠺᠠᠳᠧᠮᠢᠴᠢ ᠪᠠᠶᠢᠵᠤ᠂ ᠡᠭᠦᠨ ᠳᠤ 30 ᠭᠠᠷᠤᠢ ᠤᠯᠤᠰ ᠤᠨ ᠨᠡᠶᠢᠲᠡ | 200 ᠰᠢᠬᠠᠮ ᠨᠡᠷᠡᠰ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠪᠤᠶ᠂ ᠡᠭᠦᠨ ᠳᠤ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠤᠤᠯ ᠤᠨ ᠵᠠᠬᠢᠷᠤᠯ ᠰᠥᠩ ᠵᠢᠶᠠᠨ᠂ ᠰᠢᠦᠢ ᠺᠤᠸᠠᠩ ᠳ᠋ᠢ ᠪᠣᠯᠣᠨ ᠣᠲᠣ ᠶᠢᠨ | ᠵᠠᠬᠢᠷᠤᠯ ᠯᠢ ᠰᠢᠶᠣᠣ ᠬᠤᠩ ᠵᠡᠷᠭᠡ ᠬᠤᠶᠠᠷ ᠬᠦᠷᠢᠶᠡᠯᠡᠩ ᠤᠨ ᠠᠺᠠᠳᠧᠮᠢᠴᠢ ᠪᠣᠯᠣᠨ ᠰᠢᠨᠵᠢᠯᠡᠬᠦ ᠤᠬᠠᠭᠠᠨᠲᠠᠨ | ᠪᠠᠭᠲᠠᠨ᠎ᠠ᠃ | | | ᠣᠷᠣᠰ ᠤᠨ ᠢᠨᠵᠧᠨᠧᠷᠢᠩ ᠤᠨ ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠶᠢ | ᠰᠢᠯᠭᠠᠷᠠᠭᠤᠯᠬᠤ ᠳᠤ ᠵᠢᠱᠢᠭᠳᠡᠭᠴᠢ ᠶᠢᠨ ᠡᠷᠳᠡᠮ ᠰᠢᠨᠵᠢᠯᠡᠭᠡᠨ ᠤ ᠠᠮᠵᠢᠯᠲᠠ ᠪᠦᠲᠦᠮᠵᠢ ᠵᠢᠴᠢ ᠨᠥᠯᠥᠭᠡᠯᠡᠬᠦ | ᠬᠦᠴᠦᠨ᠂ ᠬᠠᠮᠢᠶ᠎ᠠ ᠪᠦᠬᠦᠢ ᠬᠦᠷᠢᠶᠡᠨ ᠳᠠᠬᠢ ᠪᠠᠶᠢᠷᠢ ᠰᠠᠭᠤᠷᠢ ᠶᠢ ᠰᠢᠨᠵᠢᠯᠡᠨ ᠪᠠᠶᠢᠴᠠᠭᠠᠵᠤ᠂ ᠠᠺᠠᠳᠧᠮᠢᠴᠢ ᠶᠢᠨ | ᠲᠠᠨᠢᠯᠴᠠᠭᠤᠯᠬᠤ᠂ ᠭᠡᠯᠪᠡᠷᠢ ᠶᠢᠨ ᠬᠢᠨᠠᠨ ᠪᠠᠶᠢᠴᠠᠭᠠᠯᠲᠠ᠂ ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠲᠤᠰᠬᠠᠢ | ᠮᠡᠷᠭᠡᠵᠢᠯᠲᠡᠨ ᠤ ᠨᠣᠮ ᠬᠠᠶᠠᠯᠴᠠᠭ᠎ᠠ᠂ ᠡᠷᠳᠡᠮ ᠰᠢᠨᠵᠢᠯᠡᠭᠡᠨ ᠤ ᠬᠡᠯᠲᠡᠰ ᠤᠨ ᠰᠣᠩᠭᠤᠭᠤᠯᠢ᠂ ᠲᠡᠷᠢᠭᠦᠯᠡᠭᠴᠢᠳ ᠤᠨ | ᠪᠦᠯᠭᠦᠮ ᠤᠨ ᠰᠣᠩᠭᠤᠭᠤᠯᠢ ᠪᠠᠷ ᠬᠢᠨᠠᠨ ᠵᠥᠪᠯᠡᠬᠦ᠂ ᠣᠷᠣᠰ ᠤᠨ ᠢᠨᠵᠧᠨᠧᠷᠢᠩ ᠤᠨ ᠬᠦᠷᠢᠶᠡᠯᠡᠩ ᠤᠨ ᠶᠡᠭᠡ | ᠬᠤᠷᠠᠯ ᠢᠶᠠᠷ ᠪᠠᠲᠤᠯᠠᠬᠤ ᠵᠡᠷᠭᠡ ᠣᠯᠠᠨ ᠡᠭᠡᠯᠵᠢ ᠶᠢᠨ ᠡᠷᠳᠡᠮ ᠰᠢᠨᠵᠢᠯᠡᠭᠡᠨ ᠤ ᠬᠢᠨᠠᠨ ᠲᠣᠭᠲᠠᠭᠠᠯᠲᠠ ᠪᠠ ᠰᠢᠯᠢᠨ | ᠰᠣᠩᠭᠤᠬᠤ ᠴᠢᠩᠭ᠎ᠠ ᠲᠠᠰ ᠳᠠᠷᠠᠭᠠᠯᠠᠯ ᠢᠶᠠᠷ ᠳᠡᠮᠵᠢᠨ ᠬᠠᠮᠤᠭ ᠤᠨ ᠡᠴᠦᠰ ᠲᠤ ᠲᠣᠭᠲᠠᠭᠠᠳᠠᠭ᠃ ᠡᠨᠡ ᠬᠦ | ᠰᠢᠯᠭᠠᠷᠠᠭᠤᠯᠤᠯᠲᠠ ᠪᠣᠯ ᠣᠷᠣᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠠᠬᠢ ᠬᠠᠮᠤᠭ ᠤᠨ | ᠳᠡᠭᠡᠳᠦ ᠢᠷᠠᠭᠤ ᠠᠯᠳᠠᠷ ᠤᠨ ᠨᠢᠭᠡ ᠮᠥᠨ᠂ ᠬᠠᠨ ᠵᠢᠶᠠ ᠲᠦᠩ ᠫᠷᠤᠹᠧᠰᠰᠤᠷ ᠪᠣᠯ ᠣᠷᠣᠰ ᠤᠨ ᠢᠨᠵᠧᠨᠧᠷᠢᠩ ᠤᠨ | ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠪᠠᠷ ᠰᠣᠩᠭᠤᠭᠳᠠᠭᠰᠠᠨ ᠮᠠᠨ ᠤ ᠣᠷᠣᠨ ᠤ ᠠᠩᠬᠠᠳᠠᠭᠴᠢ | ᠬᠥᠮᠥᠨ ᠪᠣᠯᠣᠨ᠎ᠠ᠃ | | | ᠬᠠᠨ ᠵᠢᠶᠠ ᠲᠦᠩ ᠤᠳᠤ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠨᠡᠶᠢᠭᠡᠮᠯᠢᠭ ᠲᠤ | ᠰᠠᠭᠤᠭ᠎ᠠ ᠳᠡᠳ᠋ ᠲᠡᠷᠢᠭᠦᠯᠡᠭᠴᠢ᠂ ᠭᠦᠭᠡᠬᠤᠲᠠ ᠶᠢᠨ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ | ᠰᠤᠷᠭᠠᠭᠤᠯᠢ ᠶᠢᠨ ᠳᠡᠳ᠋ ᠵᠠᠬᠢᠷᠤᠯ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠲᠡᠷᠢᠭᠦᠨ ᠰᠢᠨᠵᠢᠯᠡᠬᠦ ᠤᠬᠠᠭᠠᠨᠲᠠᠨ ᠢᠶᠠᠷ ᠠᠵᠢᠯᠯᠠᠵᠤ ᠪᠤᠢ᠃ 2009 ᠣᠨ ᠳᠤ᠂ ᠬᠠᠨ ᠵᠢᠶᠠ | ᠲᠦᠩ ᠭᠦᠭᠡᠬᠤᠲᠠ ᠶᠢᠨ ᠣᠷᠣᠭᠤᠯᠤᠨ ᠠᠪᠴᠢᠷᠠᠭᠰᠠᠨ ᠳᠡᠭᠡᠳᠦ ᠲᠡᠰ ᠤᠨ ᠴᠢᠳᠠᠪᠤᠷᠢᠲᠠᠨ ᠪᠣᠯᠤᠭᠰᠠᠨ ᠤ | ᠬᠤᠪᠢ ᠳᠤ᠂ ᠨᠤᠲᠤᠭ ᠲᠠᠭᠠᠨ ᠪᠤᠴᠠᠵᠤ ᠲᠥᠪ ᠬᠤᠳᠠ ᠶᠢᠨ ᠪᠦᠲᠦᠭᠡᠨ ᠪᠠᠶᠢᠭᠤᠯᠤᠯᠲᠠ ᠶᠢ ᠡᠷᠡᠰ ᠰᠢᠭᠤᠷᠬᠠᠢ | ᠳᠡᠮᠵᠢᠪᠡ᠃ ᠤᠷᠢᠳ ᠬᠤᠵᠢᠳ ᠭᠦᠭᠡᠬᠤᠲᠠ ᠶᠢᠨ ᠬᠤᠶᠠᠳᠤᠭᠠᠷ ᠲᠣᠭᠤᠷᠢᠯ ᠵᠠᠮ᠂ ᠭᠠᠵᠠᠷ ᠳᠣᠣᠷᠠᠬᠢ ᠲᠡᠮᠦᠷ | ᠵᠠᠮ ᠤᠨ 1 ᠳ᠋ᠦ᠋ᠭᠡᠷ ᠱᠤᠭᠤᠮ᠂ 2 ᠳ᠋ᠤᠭᠠᠷ ᠱᠤᠭᠤᠮ᠂ ᠭᠠᠵᠠᠷ ᠳᠣᠣᠷᠠᠬᠢ ᠬᠠᠮ ᠬᠤᠭᠤᠯᠠᠢ ᠶᠢᠨ ᠬᠤᠩᠭᠢᠯ᠂ ᠭᠠᠵᠠᠷ | ᠳᠣᠣᠷᠠᠬᠢ ᠨᠡᠪᠲᠡᠷᠡᠬᠦ ᠵᠠᠮ᠂ ᠨᠢᠰᠬᠡᠯ ᠤᠨ ᠪᠠᠭᠤᠳᠠᠯ ᠤᠨ ᠲᠦᠷᠭᠡᠨ ᠤ ᠵᠠᠰᠠᠮᠠᠯ ᠵᠠᠮ ᠵᠡᠷᠭᠡ ᠴᠢᠬᠤᠯᠠ ᠶᠡᠭᠡ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠪᠠ ᠵᠢᠭᠠᠨ ᠰᠤᠷᠭᠠᠯᠲᠠ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠳᠤ ᠤᠷᠤᠯᠴᠠᠵᠤ᠂ ᠪᠦᠯᠭᠦᠮ ᠨᠡᠶᠢᠲᠡ ᠪᠠᠨ ᠳᠠᠭᠠᠭᠤᠯᠤᠨ ᠣᠯᠠᠨ ᠵᠦᠢᠯ ᠤᠨ | ︽ᠪᠣᠭᠤᠮᠢ ᠪᠣᠯᠵᠤ ᠪᠠᠶᠢᠭ᠎ᠠ︾ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠣᠯᠠᠨ ᠵᠦᠢᠯ ᠤᠨ ᠲᠤᠰᠬᠠᠢ ᠠᠰᠢᠭ ᠪᠠ ᠺᠤᠮᠫᠢᠦ᠋ᠲ᠋ᠧᠷ ᠤᠨ ᠵᠥᠭᠡᠯᠡᠨ ᠬᠡᠷᠡᠭᠰᠡᠯ ᠤᠨ ᠵᠣᠬᠢᠶᠠᠯ ᠪᠦᠲᠦᠭᠡᠯ ᠤᠨ ᠡᠷᠬᠡ | ᠵᠢᠴᠢ ᠴᠢᠬᠤᠯᠠ ᠶᠡᠭᠡ ᠡᠭᠦᠳᠦᠯᠲᠡ ᠪᠦᠲᠦᠭᠡᠯᠲᠡ ᠵᠡᠷᠭᠡ ᠣᠯᠠᠨ ᠦᠷ᠎ᠡ ᠪᠦᠲᠦᠭᠡᠯ ᠣᠯᠵᠤ᠂ ︽ᠤᠯᠤᠰ ᠤᠨ ᠭᠠᠷᠮᠠᠭᠠᠢ | ᠢᠨᠵᠧᠨᠧᠷ︾᠂ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ︾᠂ ︽ᠪᠦᠭᠦ ᠤᠯᠤᠰ ᠤᠨ ᠭᠠᠷᠮᠠᠭᠠᠢ ᠲᠤᠰᠬᠠᠢ | ᠮᠡᠷᠭᠡᠵᠢᠯ ᠤᠨ ᠴᠢᠳᠠᠪᠤᠷᠢᠲᠠᠨ︾᠂ ︽ᠤᠯᠤᠰ ᠤᠨ ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ ᠤᠨ | ᠤᠯᠤᠰ ᠤᠨ ᠲᠠᠰ ᠤᠨ ᠵᠢᠱᠢᠭᠳᠡᠭᠴᠢ︾᠂ ︽ᠤᠯᠤᠰ ᠤᠨ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ | ᠲᠤᠰᠬᠠᠢ ᠮᠡᠷᠭᠡᠵᠢᠯᠲᠡᠨ︾᠂ ︽ᠲᠠᠯ᠎ᠠ ᠨᠤᠲᠤᠭ ᠤᠨ ᠴᠢᠳᠠᠪᠤᠷᠢᠲᠠᠨ ᠤ ᠳᠠᠭᠠᠭᠤᠯᠤᠭᠴᠢ ᠴᠢᠳᠠᠪᠤᠷᠢᠲᠠᠨ︾᠂ ︽ᠥᠪᠥᠷ | ᠮᠣᠩᠭᠤᠯ ᠤᠨ ᠭᠠᠷᠮᠠᠭᠠᠢ ᠴᠢᠳᠠᠪᠤᠷᠢᠲᠠᠨ ᠤ ᠱᠠᠩᠨᠠᠯ︾ ᠵᠡᠷᠭᠡ ᠠᠯᠢ ᠣᠯᠠᠨ ᠢᠷᠠᠭᠤ ᠠᠯᠳᠠᠷ ᠢ ᠭᠦᠷᠳᠡᠪᠡ᠃ |