ᠣᠶᠤᠲᠠᠳ ᠤᠨ ᠭᠦᠳᠡᠯᠮᠤᠷᠢ ᠶᠢᠨ ᠬᠥᠮᠦᠵᠢᠯ ᠴᠢᠬᠤᠯᠠ
ᠨᠡᠶᠢᠲᠡᠯᠡᠭᠰᠡᠨ ᠴᠠᠭ᠄
2024/5/7
     ᠣᠶᠤᠲᠠᠳ ᠤᠨ ᠭᠦᠳᠡᠯᠮᠦᠷᠢ ᠶᠢᠨ ᠬᠥᠮᠦᠵᠢᠯ ᠤᠨ ᠡᠴᠦᠰ ᠤᠨ ᠵᠣᠷᠢᠯᠭ᠎ᠠ ᠪᠣᠯ ᠦᠢᠯᠡᠳᠦᠯᠭᠡ ᠶᠢᠨ ᠳᠤᠮᠳᠠ ᠭᠦᠳᠡᠯᠮᠤᠷᠢ ᠶᠢᠨ ᠵᠣᠷᠢᠭ ᠰᠠᠨᠠᠭ᠎ᠠ ᠶᠢ ᠳᠡᠭᠡᠳᠦᠯᠡᠭᠰᠡᠨ᠂ ᠭᠦᠳᠡᠯᠮᠤᠷᠢ ᠳᠤ ᠬᠠᠶᠢᠷᠠᠲᠠᠢ᠂ ᠨᠡᠶᠢᠭᠡᠮ ᠳᠤ ᠬᠠᠷᠢᠭᠤᠴᠠᠯᠭ᠎ᠠ  ᠲᠠᠢ ᠬᠥᠮᠥᠰ ᠢ ᠬᠥᠮᠥᠵᠢᠭᠦᠯᠬᠦ ᠶᠢᠨ ᠲᠥᠯᠥᠭᠡ ᠶᠤᠮ᠃ ᠡᠶᠢᠮᠦ ᠠᠴᠠ ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ︽ᠰᠢᠨ᠎ᠡ ᠴᠠᠭ ᠦᠶ᠎ᠡ ᠶᠢᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠤᠷᠢ ᠶᠢᠨ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠬᠤ ᠰᠠᠨᠠᠯ︾ ᠶᠣᠰᠣᠭᠠᠷ᠂ ᠭᠦᠳᠡᠯᠮᠦᠷᠢ ᠶᠢᠨ ᠬᠥᠮᠦᠵᠢᠯ ᠤᠨ ᠵᠠᠪᠠᠯ ᠰᠤᠷᠬᠤ ᠬᠢᠴᠢᠶᠡᠯ ᠨᠡᠭᠡᠭᠡᠵᠦ᠂ ᠬᠢᠴᠢᠶᠡᠯ ᠲᠦᠷᠦᠯ ᠢ ᠲᠣᠬᠢᠷᠠᠭᠤᠯᠬᠤ᠂ ᠦᠢᠯᠡᠳᠦᠯᠭᠡ ᠶᠢᠨ ᠲᠠᠪᠴᠠᠩ ᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡ ᠪᠠᠨ ᠰᠠᠶᠢᠵᠢᠷᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠣᠶᠤᠲᠠᠳ ᠤᠨ ᠭᠦᠳᠡᠯᠮᠦᠷᠢ ᠶᠢᠨ ᠬᠥᠮᠦᠵᠢᠯ ᠢ ᠴᠢᠩᠭᠠᠳᠬᠠᠵᠤ ᠪᠠᠶᠢᠭ᠎ᠠ ᠨᠢ ᠪᠠᠶᠠᠷᠯᠠᠭᠤᠰᠢᠲᠠᠢ᠃      ᠶᠡᠭᠡ ᠳᠡᠭᠡᠳᠦ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠣᠶᠤᠲᠠᠳ ᠲᠤ ᠰᠢᠨ᠎ᠡ ᠴᠠᠭ ᠦᠶ᠎ᠡ  ᠶᠢᠨ ᠭᠦᠳᠡᠯᠮᠤᠷᠢ ᠶᠢᠨ ᠵᠣᠷᠢᠭ ᠰᠠᠨᠠᠭ᠎ᠠ ᠶᠢ ᠣᠶᠢᠯᠠᠭᠠᠭᠤᠯᠬᠤ᠂ ᠭᠦᠳᠡᠯᠮᠤᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ  ᠶᠢ ᠪᠠᠳᠠᠷᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠤᠯᠴᠠᠬᠤ᠂ ᠠᠵᠢᠯ ᠮᠡᠷᠭᠡᠵᠢᠯ ᠤᠨ ᠶᠣᠰᠣ ᠰᠤᠷᠲᠠᠬᠤᠨ ᠢ ᠪᠠᠷᠢᠮᠲᠠᠯᠠᠬᠤ᠂ ᠭᠦᠳᠡᠯᠮᠤᠷᠢ ᠶᠢᠨ ᠠᠮᠤᠷ ᠲᠦᠪᠰᠢᠨ ᠢ ᠪᠠᠲᠤᠯᠠᠬᠤ ᠮᠡᠲᠦ ᠶᠢᠨ ᠲᠤᠰᠬᠠᠢ ᠰᠡᠳᠦᠪᠲᠦ ᠭᠦᠳᠡᠯᠮᠤᠷᠢ ᠶᠢᠨ ᠤᠨᠤᠯ ᠤᠨ ᠵᠢᠭᠠᠨ ᠰᠤᠷᠭᠠᠯᠲᠠ ᠶᠢᠨ ᠰᠠᠭᠤᠷᠢᠨ ᠳᠡᠭᠡᠷ᠎ᠡ ᠲᠤᠰᠬᠠᠢ ᠮᠡᠷᠭᠡᠵᠢᠯ ᠤᠨ ᠣᠨᠴᠠᠯᠢᠭ  ᠲᠤᠨᠢ ᠲᠣᠬᠢᠷᠠᠭᠤᠯᠵᠤ ᠭᠦᠳᠡᠯᠮᠤᠷᠢ ᠦᠢᠯᠡᠳᠦᠯᠭᠡ ᠳᠤ ᠣᠷᠣᠯᠴᠠᠭᠤᠯᠪᠠᠯ ᠵᠣᠬᠢᠨ᠎ᠠ᠃ ᠵᠢᠱᠢᠶᠡᠯᠡᠪᠡᠯ᠂ ᠣᠷᠴᠢᠮ ᠤᠨ ᠵᠢᠯ  ᠤᠳ ᠲᠤ ᠦᠵᠡᠯ ᠰᠠᠨᠠᠭ᠎ᠠ ᠤᠯᠤᠰ ᠲᠦᠷᠤ ᠶᠢᠨ ᠲᠤᠰᠬᠠᠢ ᠮᠡᠷᠭᠡᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠲᠤᠰᠬᠠᠢ ᠮᠡᠷᠭᠡᠵᠢᠯ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠡᠷᠭᠡ ᠲᠤᠰᠬᠠᠢ ᠮᠡᠷᠭᠡᠵᠢᠯ ᠤᠨ ᠰᠤᠷᠤᠬᠴᠢᠳ ᠰᠤᠷᠭᠠᠨ ᠬᠥᠮᠦᠵᠢᠯ ᠢ ᠳᠡᠮᠵᠢᠵᠦ ᠦᠨᠳᠦᠰᠦᠨ ᠱᠠᠲᠤᠨ ᠤ ᠰᠤᠷᠭᠠᠭᠤᠯᠢ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠪᠠᠭᠰᠢ ᠨᠠᠷ ᠲᠠᠢ ᠬᠠᠮᠲᠤ ᠪᠠᠷ ᠠᠵᠢᠯᠯᠠᠵᠤ᠂ ᠬᠢᠴᠢᠶᠡᠯ ᠪᠡᠯᠡᠳᠬᠡᠬᠦ ᠪᠠ ᠵᠢᠭᠠᠬᠤ᠂ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ᠂ ᠠᠩᠭᠢ ᠶᠢᠨ ᠡᠷᠭᠢᠯᠡᠭᠴᠢ ᠶᠢᠨ ᠠᠵᠢᠯ ᠵᠡᠷᠭᠡ ᠳᠤ ᠰᠢᠭᠤᠳ ᠤᠷᠤᠯᠴᠠᠵᠤ ᠪᠠᠶᠢᠳᠠᠭ᠃ ᠡᠨᠡ  ᠨᠢ ᠣᠶᠤᠲᠠᠳ ᠤᠨ ᠭᠦᠳᠡᠯᠮᠦᠷᠢ ᠦᠢᠯᠡᠳᠦᠯᠭᠡ ᠪᠠᠷ ᠳᠠᠮᠵᠢᠨ ᠪᠠᠭᠰᠢ ᠶᠢᠨ ᠮᠡᠷᠭᠡᠵᠢᠯ ᠢ ᠤᠯᠠᠮ ᠪᠠᠲᠤ ᠡᠵᠡᠮᠰᠢᠵᠦ᠂ ᠪᠠᠭᠰᠢ ᠬᠥᠮᠥᠨ ᠤ ᠶᠣᠰᠣ ᠰᠤᠷᠲᠠᠬᠤᠨ᠂ ᠬᠠᠷᠢᠭᠤᠴᠠᠯᠭᠠᠲᠤ ᠰᠡᠳᠬᠢᠯᠭᠡ ᠶᠢ ᠨᠡᠩ ᠢᠯᠡᠭᠦᠦ ᠣᠶᠢᠯᠠᠭᠠᠨ ᠮᠡᠳᠡᠷᠡᠬᠦ ᠶᠢ ᠠᠬᠢᠭᠤᠯᠵᠤ ᠴᠢᠳᠠᠨ᠎ᠠ᠃      ᠶᠡᠭᠡ ᠳᠡᠭᠡᠳᠦ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠵᠢᠵᠢᠭ ᠰᠠᠵᠢᠭ ᠵᠦᠢᠯᠡᠰ ᠢ ᠣᠮᠲᠣᠭᠠᠶᠢᠯᠠᠵᠤ ᠪᠤᠯᠬᠤ ᠦᠭᠡᠢ᠃ ᠭᠦᠭᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ ᠪᠠᠷ ᠵᠢᠱᠢᠶᠡᠯᠡᠬᠦ ᠳᠤ᠂ ᠪᠦᠭᠦ ᠰᠤᠷᠭᠠᠭᠤᠯᠢ ᠶᠢᠨ ᠬᠡᠪᠴᠢᠶᠡᠨ ᠳᠤ ᠭᠦᠳᠡᠯᠮᠤᠷᠢ ᠶᠢᠨ ᠬᠥᠮᠦᠵᠢᠯ ᠤᠨ ᠬᠢᠴᠢᠶᠡᠯ ᠨᠡᠭᠡᠭᠡᠵᠦ᠂ ᠵᠢᠭᠠᠨ ᠰᠤᠷᠭᠠᠯᠲᠠ ᠶᠢᠨ ᠶᠠᠪᠤᠴᠠ ᠳᠤ ᠲᠤᠰᠬᠠᠢ ᠮᠡᠷᠭᠡᠵᠢᠯ ᠪᠠ ᠡᠯ᠎ᠡ ᠲᠦᠷᠤᠯ ᠤᠨ ᠰᠢᠨᠵᠢᠯᠡᠭᠡᠨ ᠢ ᠳᠡᠭᠡᠳᠦ ᠬᠡᠮᠵᠢᠶ᠎ᠡ ᠪᠠᠷ ᠤᠶᠠᠯᠳᠤᠭᠤᠯᠬᠤ᠂ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠭᠦᠳᠡᠯᠮᠤᠷᠢ ᠶᠢᠨ ᠬᠥᠮᠦᠵᠢᠯ ᠢ ᠶᠠᠪᠤᠭᠳᠠᠭᠤᠯᠵᠤ ᠪᠠᠶᠢᠳᠠᠭ᠃ ᠬᠢᠴᠢᠶᠡᠯᠯᠡᠬᠦ ᠳᠤᠮᠳᠠ ᠪᠠᠨ ᠪᠠᠰᠠ ᠣᠶᠤᠲᠠᠳ ᠤᠨ ᠰᠤᠷᠭᠠᠭᠤᠯᠢ ᠶᠢᠨ ᠠᠮᠢᠳᠤᠷᠠᠯ ᠲᠠᠢ ᠰᠢᠭᠤᠳ ᠬᠤᠯᠪᠣᠭᠳᠠᠬᠤ ᠵᠦᠢᠯ ᠠᠴᠠ ᠭᠠᠷᠳᠠᠵᠤ᠂ ᠵᠢᠱᠢᠶᠡᠯᠡᠪᠡᠯ᠂ ᠦᠷᠤᠭᠡ ᠪᠠᠶᠢᠷᠢ ᠪᠠᠨ ᠲᠣᠬᠢᠯᠢᠭ ᠪᠠᠶᠢᠯᠭᠠᠬᠤ᠂ ᠬᠤᠭᠤᠯᠠᠨ ᠭᠡᠷ᠂ ᠠᠩᠭᠢ ᠶᠢᠨ ᠭᠡᠷ᠂ ᠨᠣᠮ ᠤᠨ ᠰᠠᠩ ᠢ ᠠᠷᠢᠭᠤᠨ ᠴᠡᠪᠡᠷ ᠪᠠᠶᠢᠯᠭᠠᠬᠤ ᠵᠡᠷᠭᠡ ᠵᠢᠵᠢᠭ ᠰᠠᠵᠢᠭ ᠵᠦᠢᠯᠡᠰ ᠢᠶᠠᠷ ᠰᠤᠷᠤᠬᠴᠢ ᠪᠦᠭᠦᠨ ᠢ ᠭᠦᠳᠡᠯᠮᠤᠷᠢ ᠳᠤ ᠣᠷᠣᠯᠴᠠᠭᠤᠯᠵᠤ᠂ ᠬᠥᠳᠡᠯᠮᠦᠷᠢᠯᠡᠵᠦ ᠴᠢᠳᠠᠬᠤ᠂ ᠬᠥᠳᠡᠯᠮᠦᠷᠢᠯᠡᠬᠦ ᠳᠤᠷᠠᠲᠠᠢ᠂ ᠭᠦᠳᠡᠯᠮᠤᠷᠢ ᠶᠢ ᠳᠡᠭᠡᠳᠦᠯᠡᠭᠰᠡᠨ ᠬᠥᠮᠥᠨ ᠢ ᠬᠥᠮᠥᠵᠢᠭᠦᠯᠬᠦ  ᠪᠠᠷ ᠴᠢᠷᠮᠠᠶᠢᠵᠤ ᠪᠠᠶᠢᠳᠠᠭ᠃      ᠶᠡᠭᠡ ᠳᠡᠭᠡᠳᠦ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠣᠶᠤᠲᠠᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠴᠢᠳᠠᠪᠤᠷᠢ ᠶᠢ ᠨᠢ ᠬᠥᠮᠥᠵᠢᠭᠦᠯᠬᠦ ᠪᠠᠷ ᠴᠢᠷᠮᠠᠶᠢᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ  ᠨᠤᠭᠤᠳ ᠣᠶᠤᠲᠠᠳ ᠤᠨ ᠲᠤᠰᠬᠠᠢ ᠮᠡᠷᠭᠡᠵᠢᠯ ᠳᠤ ᠰᠠᠭᠤᠷᠢᠯᠠᠭᠰᠠᠨ ᠳᠠᠳᠤᠯᠭ᠎ᠠ ᠪᠣᠯᠪᠠᠰᠤᠷᠠᠯ ᠤᠨ ᠦᠢᠯᠡᠳᠦᠯᠭᠡ  ᠶᠢᠨ ᠲᠠᠪᠴᠠᠩ ᠢ ᠢᠯᠡᠭᠦᠬᠡᠨ ᠬᠠᠩᠭᠠᠵᠤ ᠥᠭᠬᠦ ᠨᠢ ᠴᠢᠬᠤᠯᠠ᠃ ᠵᠢᠱᠢᠶᠡᠯᠡᠪᠡᠯ᠂ ᠣᠶᠤᠲᠠᠳ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠠᠭᠤᠯᠭ᠎ᠠ ᠪᠦᠬᠦᠢ ᠮᠠᠯ ᠠᠵᠤ ᠠᠬᠤᠢ᠂ ᠮᠠᠯᠵᠢᠬᠤ ᠰᠣᠶᠣᠯ ᠤᠨ ᠤᠯᠠᠷᠢᠯ ᠬᠤᠪᠢᠰᠤᠯ ᠤᠨ ᠲᠤᠬᠠᠢ ᠬᠡᠭᠡᠷ᠎ᠡ ᠶᠢᠨ ᠪᠠᠶᠢᠴᠠᠭᠠᠯᠲᠠ ᠬᠢᠬᠦ ᠳᠤ ᠵᠠᠪᠠᠯ ᠮᠠᠯᠵᠢᠬᠤ ᠠᠮᠢᠳᠤᠷᠠᠯ ᠳᠤ ᠭᠦᠨᠵᠡᠭᠡᠶᠢᠷᠡᠮᠡᠨᠵᠢᠨ ᠰᠠᠶ᠋ᠢ ᠮᠠᠯᠴᠢᠳ  ᠤᠨ ᠮᠠᠯ ᠢᠶᠠᠨ ᠬᠡᠷᠬᠢᠨ ᠠᠷᠠᠴᠢᠯᠠᠵᠤ ᠲᠡᠵᠢᠭᠡᠵᠦ ᠪᠠᠶᠢᠬᠤ᠂ ᠰᠦ ᠰᠠᠭᠠᠯᠢ ᠪᠠᠨ ᠬᠡᠷᠬᠢᠨ ᠡᠳ᠋ᠰᠢᠭᠦᠯᠵᠦ ᠪᠤᠯᠪᠠᠰᠤᠷᠠᠭᠤᠯᠵᠤ ᠪᠠᠶᠢᠬᠤ ᠲᠤᠬᠠᠢ ᠣᠶᠢᠯᠠᠭᠠᠵᠤ ᠴᠢᠳᠠᠬᠤ ᠪᠥᠭᠡᠳ ᠡᠭᠦᠨ ᠤ ᠤᠯᠠᠮ ᠠᠴᠠ ᠮᠠᠯᠴᠢᠳ ᠤᠨ ᠤᠩᠭᠤᠨ ᠪᠠᠶᠢᠭᠠᠯᠢ ᠪᠠᠨ ᠬᠠᠶᠢᠷᠠᠯᠠᠬᠤ᠂ ᠠᠵᠢᠯᠴᠢ ᠪᠣᠷᠣᠭᠵᠢᠭᠤᠨ ᠵᠠᠩ ᠠᠷᠠᠨᠰᠢᠨ ᠢ ᠣᠶᠢᠯᠠᠭᠠᠵᠤ ᠴᠢᠳᠠᠨ᠎ᠠ᠃ ᠢᠩᠭᠢᠮᠡᠨᠵᠢᠨ ᠣᠶᠤᠲᠠᠳ ᠰᠠᠶ᠋ᠢ ᠤᠶᠤᠨ ᠤ ᠭᠦᠳᠡᠯᠮᠤᠷᠢ ᠪᠠ ᠪᠡᠶ᠎ᠡ ᠶᠢᠨ ᠭᠦᠳᠡᠯᠮᠤᠷᠢ ᠶᠢ ᠬᠢᠴᠢᠶᠡᠯ ᠬᠥᠮᠦᠵᠢᠯ ᠤᠨ ᠪᠦᠭᠦ ᠶᠠᠪᠤᠴᠠ ᠳᠤ ᠠᠭᠤᠰᠬᠠᠵᠤ᠂ ᠭᠦᠳᠡᠯᠮᠤᠷᠢ ᠶᠢᠨ ᠵᠣᠷᠢᠭ ᠰᠠᠨᠠᠭ᠎ᠠ ᠶᠢ ᠣᠶᠢᠯᠠᠭᠠᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠪᠣᠳᠠᠲᠤ ᠴᠢᠳᠠᠪᠤᠷᠢ ᠲᠠᠢ ᠪᠣᠯᠵᠤ᠂ ᠨᠡᠶᠢᠭᠡᠮ ᠠᠵᠤ ᠠᠬᠤᠢ ᠶᠢᠨ ᠬᠥᠭᠵᠢᠯᠲᠡ ᠲᠠᠪᠰᠢᠯᠳᠠ ᠳᠤ ᠬᠦᠴᠦᠨ ᠵᠢᠳᠬᠦᠯ ᠨᠡᠮᠡᠷᠢᠯᠡᠵᠦ ᠴᠢᠳᠠᠨ᠎ᠠ᠃      ᠭᠦᠳᠡᠯᠮᠦᠷᠢ ᠥᠩᠭᠡ ᠭᠡᠷᠡᠯᠲᠡᠢ᠂ ᠬᠥᠳᠡᠯᠮᠦᠷᠢᠴᠢᠨ ᠠᠭᠤᠤ ᠶᠡᠭᠡ᠃ ᠵᠠᠯᠠᠭᠤ ᠽᠠᠨᠳᠠᠨ ᠨᠠᠰᠤᠨ ᠤ ᠣᠶᠤᠲᠠᠨ ᠨᠥᠬᠦᠳ ᠮᠠᠨᠢ ᠰᠤᠷᠭᠠᠭᠤᠯᠢ ᠶᠢᠨ ᠢᠶᠠᠨ ᠭᠦᠳᠡᠯᠮᠦᠷᠢ ᠶᠢᠨ ᠬᠥᠮᠦᠵᠢᠯ ᠳᠤ ᠢᠳᠡᠪᠬᠢᠲᠡᠢ ᠤᠷᠤᠯᠴᠠᠵᠤ᠂ ᠰᠤᠷᠪᠠᠰᠤ ᠵᠣᠬᠢᠬᠤ᠂ ᠴᠢᠳᠠᠪᠠᠰᠤ ᠵᠣᠬᠢᠬᠤ ᠵᠦᠢᠯᠡᠰ ᠢ ᠵᠠᠪᠳᠤᠨ ᠡᠵᠡᠮᠰᠢᠪᠡᠯ ᠬᠤᠶᠢᠰᠢᠳᠠ ᠶᠢᠨ ᠠᠵᠢᠯ ᠦᠢᠯᠡᠰ ᠴᠢᠨᠢ ᠨᠡᠩ ᠤᠷᠤᠭᠰᠢᠲᠠᠢ ᠪᠤᠯᠬᠤ ᠨᠢ ᠳᠠᠮᠵᠢᠭ ᠦᠭᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号