| | ᠣᠶᠢᠷ᠎ᠠ ᠶᠢᠨ ᠵᠢᠯ ᠤᠨ ᠲᠤᠷᠰᠢ᠂ ᠰᠠᠶᠢᠬᠠᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠳᠣᠲᠣᠭᠠᠳᠤ ᠲᠥᠪ ᠤᠨ | ᠬᠥᠳᠡᠯᠭᠡᠭᠦᠷ︾ ᠪᠠ ︽ᠬᠠᠮᠤᠭ ᠤᠨ ᠬᠦᠴᠦᠷᠬᠡᠭ ᠬᠥᠳᠡᠯᠭᠡᠭᠦᠷ︾ ᠪᠣᠯᠭᠠᠵᠤ᠂ ᠠᠷᠭ᠎ᠠ ᠬᠡᠮᠵᠢᠶ᠎ᠡ ᠶᠢ ᠰᠠᠶᠢᠲᠤᠷ | ᠬᠡᠷᠡᠭᠵᠢᠭᠦᠯᠵᠦ᠂ ᠰᠢᠨ᠎ᠡ ᠬᠥᠳᠡᠯᠭᠡᠬᠦ ᠬᠦᠴᠦᠨ ᠢ ᠴᠢᠩᠭᠠᠳᠬᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠨᠳᠥᠷ ᠲᠦᠪᠰᠢᠨ ᠤ ᠬᠥᠭᠵᠢᠯᠲᠡ ᠶᠢ ᠬᠥᠲᠥᠯᠥᠨ | ᠳᠠᠭᠠᠭᠤᠯᠵᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠵᠡᠷᠭᠡᠪᠡᠷ ᠬᠦᠴᠦᠯᠡᠵᠦ᠂ ᠵᠡᠷᠭᠡᠪᠡᠷ ᠬᠥᠭᠵᠢᠬᠦ ᠶᠢ | ᠠᠬᠢᠭᠤᠯᠪᠠ᠃ | | | | ᠬᠦᠴᠦ ᠪᠠᠨ ᠬᠠᠮᠲᠤᠳᠬᠠᠬᠤ ᠲᠣᠭᠲᠠᠴᠠ ᠶᠢ ᠡᠭᠦᠳᠦᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠰᠢᠨ᠎ᠡ ᠬᠥᠳᠡᠯᠭᠡᠬᠦ ᠬᠦᠴᠦᠨ︾ ᠢ ᠬᠥᠭᠵᠢᠭᠡᠪᠡ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ︽ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾ ᠢ ᠬᠡᠮᠵᠢᠶᠡᠵᠢᠭᠦᠯᠦᠨ ᠨᠠᠷᠢᠯᠢᠭᠵᠢᠭᠤᠯᠵᠤ᠂ | ᠲᠣᠭᠤᠷᠢᠭ ᠤᠨ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠵᠢᠯᠤᠭᠤᠳᠬᠤ᠂ ᠪᠠᠯᠭᠠᠰᠤ | ᠲᠣᠰᠬᠤᠨ ᠢ ᠨᠠᠶᠢᠳᠠᠪᠤᠷᠢᠵᠢᠭᠤᠯᠬᠤ ᠶᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠠᠬᠢᠭᠤᠯᠬᠤ ᠵᠠᠭᠪᠤᠷ ᠢ | ᠪᠦᠷᠢᠯᠳᠦᠭᠦᠯᠦᠨ᠎ᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠭᠦᠳᠦᠨ ᠪᠠᠶᠢᠭᠤᠯᠬᠤ ᠶᠢᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠦᠴᠦᠨ ᠵᠦᠢᠯ ᠢ ᠲᠣᠬᠢᠷᠠᠭᠤᠯᠬᠤ ᠲᠠᠯ᠎ᠠ ᠪᠠᠷ ᠤᠷᠢᠳ ᠢᠶᠠᠷ | ᠬᠠᠩᠭᠠᠬᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ ᠤᠷᠢᠳ ᠢᠶᠠᠷ ᠪᠠᠲᠤᠯᠠᠬᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠯ᠎ᠠ ᠪᠠᠷ ᠤᠷᠢᠳ ᠢᠶᠠᠷ ᠲᠡᠭᠦᠯᠳᠡᠷᠵᠢᠭᠦᠯᠬᠦ ᠠᠵᠢᠯ ᠤᠨ ᠲᠣᠭᠲᠠᠴᠠ ᠶᠢ ᠪᠦᠷᠢᠯᠳᠦᠭᠦᠯᠬᠦ ᠶᠢ | ᠠᠬᠢᠭᠤᠯᠪᠠ᠃ ᠬᠤᠲᠠ ᠶᠢᠨ ᠣᠲᠣ ᠦᠶ᠎ᠡ ᠶᠢᠨ ᠲᠣᠭᠤᠷᠢᠨ ᠦᠵᠡᠵᠦ ᠲᠡᠭᠦᠬᠦ ᠲᠠᠷᠢᠶᠠᠯᠠᠩ᠂ ᠲᠠᠷᠢᠶᠠᠯᠠᠩ ᠰᠣᠶᠣᠯ | ᠵᠢᠭᠤᠯᠴᠢᠯᠠᠯ ᠰᠡᠯᠡᠭᠦᠴᠡᠯ ᠤᠨ ᠲᠠᠷᠢᠶᠠᠯᠠᠩ ᠵᠡᠷᠭᠡ ᠣᠨᠴᠠᠯᠢᠭᠲᠤ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ | ᠪᠣᠶ ᠪᠣᠯᠭᠠᠵᠤ᠂ 192 ᠲᠥᠷᠥᠯ ᠬᠤᠪᠢᠶᠠᠨ ᠨᠥᠭᠡᠴᠡᠯᠡᠬᠦ ᠲᠥᠷᠥᠯ ᠵᠦᠢᠯ ᠭᠠᠷᠭᠠᠪᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠤᠨ 200 ᠭᠠᠷᠤᠢ ᠰᠢᠯᠢᠳᠡᠭ ᠺᠠᠳ᠋ᠷ ᠢ ᠳᠡᠪᠰᠢᠭᠦᠯᠵᠦ ᠬᠦᠨᠳᠦ | ᠬᠡᠷᠡᠭᠯᠡᠬᠦ ᠪᠤᠶᠤ ᠲᠤᠰᠢᠶᠠᠯ ᠤᠨ ᠲᠡᠰ ᠢ ᠨᠢ ᠲᠡᠰ ᠳᠡᠪᠰᠢᠭᠦᠯᠵᠡᠢ᠃ ᠵᠢᠯ ᠪᠦᠷᠢ ᠶᠢᠨ ᠬᠥᠳᠡᠯᠦᠯ ᠪᠠᠶᠢᠳᠠᠯ ᠳᠤ ᠰᠢᠯᠢᠳᠡᠭ | ᠳᠡᠰ ᠢᠶᠠᠷ ᠦᠨᠡᠯᠡᠨ ᠲᠣᠭᠲᠠᠭᠠᠭᠰᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠠᠵᠢᠯ | ᠦᠢᠯᠡᠰ ᠤᠨ ᠠᠵᠢᠯᠲᠠᠨ ᠤ ᠴᠠᠯᠢᠩ ᠣᠯᠭᠤᠮᠵᠢ ᠶᠢᠨ ᠱᠠᠩᠨᠠᠯ ᠣᠯᠭᠤᠨ᠎ᠠ᠃ ᠤᠷᠢᠳ ᠬᠤᠵᠢᠳ 170 ᠭᠠᠷᠤᠢ | ᠲᠦᠮᠡᠨ ᠲᠥᠭᠦᠷᠢᠭ ᠤᠨ ᠪᠡᠯᠡ ᠣᠷᠣᠭᠤᠯᠵᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ | ︽ᠲᠠᠶᠢᠰᠠᠨ ᠤ ᠮᠥᠷᠥᠶᠢᠴᠡᠭᠡᠨ︾ ᠶᠢᠦ ᠱᠧᠩ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠱᠠᠩᠨᠠᠵᠤ᠂ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠤ ᠺᠠᠳ᠋ᠷᠴᠤᠳ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠳᠬᠤᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠵᠡᠢ᠃ | | | | ᠠᠵᠤ ᠦᠢᠯᠡᠰ ᠤᠨ ᠬᠥᠭᠵᠢᠯᠲᠡ ᠳᠤ ᠬᠦᠴᠦ ᠪᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠰᠢᠨ᠎ᠡ ᠬᠥᠳᠡᠯᠭᠡᠭᠦᠷ︾ ᠢ ᠴᠣᠭᠴᠠᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠦᠷᠢ᠂ | ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠡᠮᠬᠢᠯᠡᠨ ᠨᠡᠶᠢᠯᠡᠭᠦᠯᠵᠦ᠂ | ᠲᠥᠷᠥᠯ ᠬᠤᠪᠢᠶᠠᠨ ᠨᠠᠷᠢᠯᠢᠭᠵᠢᠭᠤᠯᠵᠤ᠂ ᠡᠯ᠎ᠡ ᠲᠥᠷᠥᠯ ᠤᠨ ᠲᠡᠳᠬᠦᠨ ᠳᠡᠮᠵᠢᠬᠦ ᠲᠥᠷᠥᠯ ᠵᠦᠢᠯ ᠢ ᠨᠡᠶᠢᠲᠡ 80 | ᠭᠠᠷᠤᠢ ᠣᠯᠵᠤ᠂ 1.5 ᠳ᠋ᠦᠩᠰᠢᠭᠤᠷ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠷᠣᠭᠤᠯᠵᠤ᠂ ᠬᠥᠳᠡᠭᠡ | ᠲᠣᠰᠬᠤᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠲᠥᠷᠥ ᠶᠢᠨ ᠪᠣᠳᠣᠯᠭ᠎ᠠ ᠶᠢᠨ ᠬᠦᠴᠦᠲᠡᠢ | ᠳᠡᠮᠵᠢᠯᠭᠡ ᠪᠠ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃ ᠣᠶᠢᠷ᠎ᠠ ᠶᠢᠨ ᠵᠢᠯ ᠤᠳ ᠲᠤ ᠬᠠᠨᠳᠤᠯᠭ᠎ᠠ ᠲᠠᠢ ᠪᠠᠷ | ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠪᠠᠷ ᠳᠠᠮᠵᠢᠭᠤᠯᠤᠨ᠂ ᠪᠥᠬᠦ | ᠲᠣᠭᠤᠷᠢᠭ ᠤᠨ ᠬᠥᠳᠡᠭᠡ ᠲᠣᠰᠬᠤᠨ ᠡᠯ᠎ᠡ ᠲᠥᠷᠥᠯ ᠤᠨ ᠪᠡᠯᠡ ᠣᠷᠣᠭᠤᠯᠤᠯᠲᠠ ᠶᠢ 2.67 ᠳ᠋ᠦᠩᠰᠢᠭᠤᠷ | ᠲᠥᠭᠦᠷᠢᠭ ᠲᠡᠳᠡᠨ ᠠᠪᠴᠢᠷᠠᠵᠤ᠂ 19 ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠠᠵᠤ | ᠦᠢᠯᠡᠰ ᠤᠨ ᠬᠥᠭᠵᠢᠯᠲᠡ ᠪᠠ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ | ᠳᠠᠶᠢᠴᠢᠯᠠᠭᠰᠠᠨ ᠪᠠᠶᠢᠨ᠎ᠠ᠃ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠤ ᠠᠬᠤᠶᠢᠯᠠᠯ︾ ᠤᠨ ᠵᠠᠭᠪᠤᠷ ᠢ | ᠠᠪᠴᠤ᠂ ︽ᠬᠠᠮᠲᠤ ᠪᠠᠷ ᠴᠢᠨᠡᠭᠡᠯᠢᠭᠵᠢᠭᠰᠡᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ︾ ᠶᠢ 12 ᠪᠠᠶᠢᠭᠤᠯᠵᠤ᠂ | ᠬᠠᠮᠲᠤᠷᠠᠨ ᠪᠠᠶᠢᠭᠤᠯᠵᠤ ᠨᠡᠶᠢᠲᠡ 48 ᠲᠣᠰᠬᠤᠨ᠂ 52 ᠠᠵᠤ ᠠᠬᠤᠶᠢᠯᠠᠯ᠂ 13 ᠬᠤᠷᠰᠢᠶ᠎ᠠ ᠶᠢ ᠪᠠᠶᠢᠭᠤᠯᠵᠤ᠂ | 15600 ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠪᠠ᠃ ᠣᠳᠣᠬᠠᠨ ᠳᠤ᠂ ᠾᠧᠦ ᠶᠣᠣᠽᠢ ᠲᠣᠰᠬᠤᠨ ᠵᠡᠷᠭᠡ | 21 ᠲᠣᠰᠬᠤᠨ ᠪᠡᠶ᠎ᠡ ᠪᠠᠨ ᠳᠠᠭᠠᠭᠠᠵᠤ ᠬᠠᠮᠲᠤ ᠶᠢᠨ ᠠᠵᠤ ᠦᠢᠯᠡᠰ ᠢ ᠡᠵᠡᠩᠨᠡᠵᠦ᠂ ᠵᠢᠯ ᠤᠨ ᠣᠷᠣᠯᠭ᠎ᠠ 1300 | ᠭᠠᠷᠤᠢ ᠲᠦᠮᠡᠨ ᠲᠥᠭᠦᠷᠢᠭ ᠲᠤ ᠬᠦᠷᠴᠡᠢ᠃ | | | | ᠬᠦᠴᠦᠨ ᠢᠶᠠᠨ ᠲᠥᠪᠯᠡᠷᠡᠭᠦᠯᠦᠨ ᠴᠢᠳᠠᠪᠤᠷᠢᠲᠠᠨ ᠢ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠰᠢᠨ᠎ᠡ ᠨᠡᠶᠢᠯᠡᠮᠡᠯ ᠬᠦᠴᠦᠨ︾ ᠢ ᠨᠢᠭᠲᠠᠷᠠᠭᠤᠯᠪᠠ᠃ ᠤᠨᠢᠨ ᠳᠡᠭᠡᠷ᠎ᠡ ᠨᠢ ᠬᠥᠳᠡᠭᠡ ᠠᠵᠤ ᠠᠬᠤᠢ ᠳᠤ | ᠬᠤᠯᠪᠣᠭᠳᠠᠬᠤ ᠲᠤᠰᠬᠠᠢ ᠮᠡᠷᠭᠡᠵᠢᠯ ᠪᠤᠶᠤ ᠲᠠᠷᠢᠶᠠᠯᠠᠩ ᠳᠤ ᠬᠤᠯᠪᠣᠭᠳᠠᠭᠰᠠᠨ ᠲᠤᠷᠰᠢᠯᠭ᠎ᠠ ᠲᠠᠢ 14 ᠺᠠᠳ᠋ᠷ ᠢ | ᠲᠣᠰᠬᠤᠨ ᠳᠤ ᠲᠣᠮᠢᠯᠠᠨ ᠲᠣᠰᠬᠤᠨ ᠳᠤ ᠣᠴᠢᠭᠤᠯᠵᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠵᠦ᠂ 35 | ᠶᠡᠭᠡ ᠰᠤᠷᠭᠠᠭᠤᠯᠢ ᠲᠡᠭᠦᠰᠦᠭᠰᠡᠳ ᠢ ᠲᠣᠰᠬᠤᠨ ᠳᠤ ᠲᠣᠮᠢᠯᠠᠨ ᠦᠢᠯᠡᠳᠦᠯᠭᠡᠵᠢᠭᠦᠯᠦᠨ ᠪᠣᠯᠪᠠᠰᠤᠷᠠᠭᠤᠯᠵᠤ᠂ 4 | ᠲᠤᠷᠤᠢ ᠪᠠᠭᠤᠷᠠᠢ ᠰᠤᠯᠠ ᠵᠠᠳᠠᠭᠠᠢ ᠲᠣᠰᠬᠤᠨ ᠢ ᠬᠤᠪᠢᠷᠠᠭᠤᠯᠤᠨ ᠳᠡᠭᠡᠭᠰᠢᠯᠡᠭᠦᠯᠬᠦ ᠶᠢ ᠠᠬᠢᠭᠤᠯᠵᠤ᠂ 7 ᠦᠨᠳᠦᠰᠦᠨ | ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ ᠲᠣᠰᠬᠤᠨ ᠤ ᠵᠥᠷᠢᠴᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 10 ᠭᠤᠣᠯᠳᠠᠯᠭ᠎ᠠ ᠲᠠᠢ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ︽ᠬᠦᠷᠢᠶᠡᠯᠡᠩ ᠲᠣᠭᠤᠷᠢᠭ | ᠬᠠᠮᠲᠤᠷᠠᠯᠴᠠᠬᠤ︾ ᠵᠠᠭᠪᠤᠷ ᠢ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠶᠡᠭᠡ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠤᠨ ᠥᠷᠲᠡᠭᠡ | ᠪᠠᠶᠢᠭᠤᠯᠵᠤ᠂ 17 ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠤᠨ ᠲᠠᠷᠢᠶᠠᠯᠠᠩ ᠤᠨ | ᠠᠵᠤ ᠦᠢᠯᠡᠰ ᠪᠠ ᠣᠨᠴᠠᠯᠢᠭᠲᠤ ᠵᠢᠮᠢᠰ ᠢᠳᠡᠰᠢᠨ ᠨᠣᠭᠤᠭ᠎ᠠ ᠶᠢᠨ ᠲᠦᠷᠦᠯ ᠲᠡᠮᠳᠡᠭ ᠤᠨ ᠬᠥᠭᠵᠢᠯᠲᠡ ᠶᠢ | ᠵᠢᠯᠣᠭᠤᠳᠤᠨ᠎ᠠ᠃ ︽ᠭᠠᠷᠤᠳᠢ ᠶᠢ ᠤᠷᠢᠵᠤ ᠡᠭᠦᠷ ᠢ ᠰᠡᠷᠭᠦᠭᠡᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠰᠢᠯᠢᠳᠡᠭ ᠴᠢᠳᠠᠪᠤᠷᠢᠲᠠᠨ ᠢ ᠨᠠᠷᠢᠯᠢᠭ ᠣᠨᠣᠴᠠᠲᠠᠢ ᠪᠠᠷ ᠡᠭᠡᠭᠦᠯᠦᠨ ᠠᠪᠴᠢᠷᠠᠵᠤ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠡᠭᠦᠷᠭᠡᠯᠡᠭᠦᠯᠵᠦ᠂ ᠲᠦᠷᠦᠭᠦᠴᠢ ᠭᠠᠯᠠᠭᠤ ᠶᠢᠨ ᠡᠩᠨᠡᠭᠡ ᠶᠢᠨ | ᠬᠥᠭᠵᠢᠯᠲᠡ ᠶᠢ ᠳᠠᠶᠢᠴᠢᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠲᠣᠰᠬᠤᠨ ᠤ ︽ᠬᠤᠶᠠᠷ ᠵᠥᠪᠯᠡᠯ︾ | ᠤᠨ 200 ᠭᠠᠷᠤᠢ ᠺᠠᠳ᠋ᠷ ᠢ ᠵᠣᠬᠢᠶᠠᠨ ᠪᠠᠶᠢᠭᠤᠯᠵᠤ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ | ᠠᠩᠭᠢ ᠳᠤ ᠣᠷᠣᠯᠴᠠᠭᠤᠯᠵᠤ᠂ ᠪᠠᠯᠭᠠᠰᠤ ᠲᠣᠰᠬᠤᠨ ᠤ ᠺᠠᠳ᠋ᠷᠴᠤᠳ ᠢ ᠬᠠᠪᠰᠤᠷᠤᠨ ᠰᠡᠳᠬᠢᠴᠡ ᠶᠢᠨ ᠬᠠᠷᠠᠭ᠎ᠠ ᠶᠢ ᠨᠢ | ᠨᠡᠭᠡᠭᠡᠪᠡ᠃ ᠨᠤᠲᠤᠭ ᠤᠨ ᠴᠢᠳᠠᠪᠤᠷᠢᠲᠠᠨ ᠢ ᠭᠦᠢᠴᠡᠳ ᠠᠭᠤᠳᠠᠯᠵᠤ᠂ ︽ᠨᠤᠲᠤᠭ ᠤᠨ ᠲᠤᠰᠬᠠᠢ ᠮᠡᠷᠭᠡᠵᠢᠯᠲᠡᠨ︾᠂ | ︽ᠲᠠᠷᠢᠶᠠᠨ ᠰᠢᠤ ᠴᠢᠳᠠᠪᠤᠷᠢᠲᠠᠨ︾ ᠢ 500 ᠭᠠᠷᠤᠢ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ | | | | ᠬᠦᠴᠦᠨ ᠢᠶᠠᠨ ᠲᠥᠪᠯᠡᠷᠡᠭᠦᠯᠦᠨ ᠵᠢᠱᠢᠶ᠎ᠡ ᠦᠵᠡᠭᠦᠯᠦᠨ ᠳᠠᠶᠢᠴᠢᠯᠠᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠰᠢᠨ᠎ᠡ ᠵᠢᠷᠤᠭ︾ ᠢ ᠵᠢᠷᠤᠭᠯᠠᠪᠠ᠃ ᠨᠠᠮ ᠤᠨ ᠭᠡᠰᠢᠭᠦᠨ ᠢ ᠬᠥᠲᠥᠯᠥᠨ ᠳᠠᠭᠠᠭᠤᠯᠵᠤ ᠪᠠᠶᠠᠵᠢᠭᠤᠯᠬᠤ | ᠲᠥᠷᠥᠯ ᠵᠦᠢᠯ ᠤᠨ ︽ᠳᠥᠷᠪᠡᠨ ᠨᠢᠭᠡ︾ ᠶᠢᠨ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠨᠠᠮ ᠤᠨ | ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠪᠠᠶᠠᠵᠢᠯ ᠤᠨ ᠠᠵᠤ ᠦᠢᠯᠡᠰ ᠢ ᠲᠦᠷᠦᠭᠦᠯᠡᠨ ᠬᠥᠭᠵᠢᠭᠦᠯᠵᠦ᠂ | ᠬᠤᠣᠰᠯᠠᠨ ᠬᠤᠯᠪᠣᠭᠠᠯᠠᠵᠤ ᠪᠠᠶᠢᠭᠠᠳ ᠤᠯᠠᠨ ᠲᠦᠮᠡᠨ ᠢ ᠳᠠᠶᠢᠴᠢᠯᠠᠬᠤ ᠬᠡᠷᠡᠭᠲᠡᠢ᠃ ᠣᠳᠣᠬᠠᠨ ᠳᠤ᠂ ᠪᠥᠬᠦ ᠲᠣᠭᠤᠷᠢᠭ | ᠨᠢᠭᠡᠨᠲᠡ 800 ᠭᠠᠷᠤᠢ ᠨᠠᠮ ᠤᠨ ᠭᠡᠰᠢᠭᠦᠨ ᠳᠠᠭᠠᠭᠤᠯᠤᠨ ᠡᠷᠭᠢᠯᠡᠭᠰᠡᠨ ᠬᠤᠷᠰᠢᠶ᠎ᠠ 293 ᠪᠠᠶᠢᠵᠤ᠂ 2300 | ᠭᠠᠷᠤᠢ ᠲᠠᠷᠢᠶᠠᠴᠢᠨ ᠡᠷᠦᠬᠡ ᠶᠢ ᠨᠥᠯᠥᠭᠡᠯᠡᠨ ᠳᠠᠶᠢᠴᠢᠯᠠᠵᠤ ᠪᠠᠶᠢᠨ᠎ᠠ᠃ ︽ᠨᠤᠲᠤᠭ ᠤᠨ ᠣᠨᠴᠠ ᠭᠠᠷᠤᠯᠲᠠ︾ ᠶᠢᠨ | ᠲᠠᠯ᠎ᠠ ᠪᠠᠷ ᠬᠦᠴᠦ ᠣᠷᠣᠭᠤᠯᠵᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠲᠠᠯ᠎ᠠ ᠪᠠᠷ ᠰᠢᠨ᠎ᠡ ᠵᠠᠮ ᠢ ᠨᠡᠭᠡᠭᠡᠬᠦ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯ᠎ᠠ ᠪᠠᠷ ᠦᠷ᠎ᠡ ᠠᠰᠢᠭ ᠣᠯᠬᠤ ᠶᠢ ᠪᠠᠷᠢᠮᠲᠠᠯᠠᠵᠤ᠂ ᠣᠳᠣᠬᠠᠨ ᠳᠤ ᠨᠢᠭᠡᠨᠲᠡ | ᠬᠤᠸᠠᠬᠤᠰᠢᠭᠤ ᠪᠠᠯᠭᠠᠰᠤᠨ ᠤ ᠲᠣᠰᠬᠤᠨ ᠤ ᠵᠢᠵᠢᠭ ᠡᠯᠳᠡᠪ ᠠᠮᠤ ᠳᠠᠷᠢᠵᠤ ᠡᠳ᠋ᠰᠢᠭᠦᠯᠬᠦ ᠲᠥᠷᠥᠯ ᠵᠦᠢᠯ᠂ ᠴᠡᠯᠡᠭᠡᠷ | ᠲᠠᠯ᠎ᠠ ᠵᠠᠮ ᠤᠨ ᠯᠢᠦ ᠵᠢᠦᠢ ᠨᠢᠦ ᠲᠣᠰᠬᠤᠨ ᠤ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠵᠡᠷᠭᠡ | ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ 16 ᠲᠥᠷᠥᠯ ᠵᠦᠢᠯ ᠢ | ᠪᠦᠷᠢᠯᠳᠦᠭᠦᠯᠵᠦ᠂ ᠪᠥᠬᠦ ᠲᠣᠭᠤᠷᠢᠭ ᠤᠨ ᠬᠥᠳᠡᠭᠡ ᠲᠣᠰᠬᠤᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠢᠨ᠎ᠡ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ ᠶᠢ ᠪᠦᠲᠦᠮᠵᠢᠲᠡᠶ ᠳᠠᠶᠢᠴᠢᠯᠠᠪᠠ᠃ ︽ᠲᠠᠪᠤᠨ ᠬᠦᠴᠦᠷᠬᠡᠭ ᠢ | ᠲᠥᠷᠥᠯ ᠬᠤᠪᠢᠶᠠᠨ ᠳᠡᠭᠡᠭᠰᠢᠯᠡᠭᠦᠯᠬᠦ ᠶᠢ ᠠᠬᠢᠭᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽ᠵᠢᠱᠢᠶᠡᠴᠢ︾ ᠶᠢᠨ | ᠨᠠᠮ ᠤᠨ ᠡᠭᠦᠷ ᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ 20 ᠲᠣᠭᠤᠷᠢᠭ ᠤᠨ ᠱᠠᠲᠤᠨ ᠤ ᠪᠠᠲᠤ ᠴᠢᠩᠭ᠎ᠠ | ᠪᠠᠬᠢᠯᠡᠯᠲᠡ ᠶᠢᠨ ᠵᠢᠱᠢᠶᠡᠴᠢ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠴᠡᠭ ᠢ ᠰᠣᠩᠭᠤᠨ ᠪᠣᠶ ᠪᠣᠯᠭᠠᠵᠤ᠂ ᠨᠠᠮ ᠤᠨ | ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 5 ᠵᠢᠱᠢᠶ᠎ᠡ | ᠦᠵᠡᠭᠦᠯᠬᠦ ᠪᠦᠰᠡ ᠶᠢ ᠠᠩᠬ᠎ᠠ ᠠᠯᠬᠤᠮ ᠪᠦᠷᠢᠯᠳᠦᠭᠦᠯᠵᠦ᠂ ᠵᠠᠮ ᠳᠠᠭᠠᠤ ᠶᠢᠨ 50 ᠭᠠᠷᠤᠢ ᠲᠣᠰᠬᠤᠨ ᠤ ᠬᠥᠭᠵᠢᠨ | ᠪᠤᠵᠠᠭᠠᠶᠢᠷᠠᠬᠤ ᠶᠢ ᠨᠥᠯᠥᠭᠡᠯᠡᠨ ᠳᠠᠶᠢᠴᠢᠯᠠᠪᠠ᠃ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |