ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/5/8
     ᠣᠶᠢᠷ᠎ᠠ ᠳᠤ᠂ ᠲᠠᠪᠤᠳᠤᠭᠠᠷ ᠪᠦᠯᠦᠭ ᠤᠨ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ - ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠡᠯᠭᠦᠬᠦ ᠶᠣᠰᠣᠯᠠᠯ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃      ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠪᠠᠷ ᠲᠦᠰᠢᠭ ᠪᠤᠯᠭᠠᠬᠰᠠᠨ ᠤᠯᠤᠰ ᠤᠨ ᠮᠡᠳᠡᠷᠡᠯ ᠤᠨ ᠡᠪᠡᠳᠴᠢᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠵᠤ᠂ ᠣᠳᠣᠬᠢᠴᠢᠯᠠᠯᠲᠠ᠂ ᠳᠡᠯᠡᠬᠡᠶᠢᠵᠢᠯᠲᠡ ᠪᠠᠷ ᠪᠠᠷᠢᠮᠵᠢᠶ᠎ᠠ ᠪᠤᠯᠭᠠᠵᠤ᠂ ᠮᠡᠳᠡᠷᠡᠯ ᠤᠨ ᠡᠪᠡᠳᠴᠢᠨ ᠤ ᠡᠮᠴᠢᠯᠡᠭᠡᠨ ᠤ ᠰᠤᠳᠤᠯᠤᠯ ᠢᠶᠠᠷ ᠣᠨᠴᠠᠯᠢᠭᠳᠠᠵᠤ᠂ ᠥᠨᠳᠥᠷ ᠲᠦᠪᠰᠢᠨ ᠥᠨᠳᠥᠷ ᠳᠡᠰ ᠳᠠᠪᠬᠤᠷᠭ᠎ᠠ ᠶᠢᠨ ᠣᠳᠣᠬᠢᠴᠢᠯᠠᠭᠰᠠᠨ ᠮᠡᠳᠡᠷᠡᠯ ᠤᠨ ᠡᠪᠡᠳᠴᠢᠨ ᠤ ᠬᠠᠮᠢᠶᠠᠷᠤᠯᠲᠠ ᠶᠢᠨ ᠲᠥᠪ᠂ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠭᠰᠠᠨ ᠪᠠᠶᠢᠨ᠎ᠠ᠃ ᠡᠭᠦᠨ ᠢᠶᠠᠷ ᠳᠡᠮᠵᠢᠨ᠂ ︽ᠥᠪᠥᠷ ᠮᠣᠩᠭᠤᠯ ᠤᠨ ᠵᠡᠭᠦᠨ ᠬᠡᠰᠡᠭ ᠲᠤ ᠰᠠᠭᠤᠷᠢᠯᠠᠬᠤ᠂ ᠥᠪᠥᠷ ᠮᠣᠩᠭᠤᠯ ᠳᠤ ᠦᠢᠯᠡᠴᠢᠯᠡᠬᠦ᠂ ᠵᠡᠭᠦᠨ ᠬᠤᠶᠢᠲᠤ ᠣᠷᠣᠨ ᠤᠮᠠᠷᠠᠲᠤ ᠣᠷᠣᠨ ᠢ ᠨᠥᠯᠥᠭᠡᠯᠡᠬᠦ︾ ᠤᠯᠤᠰ ᠤᠨ ᠮᠡᠳᠡᠷᠡᠯ ᠤᠨ ᠡᠪᠡᠳᠴᠢᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠵᠤ᠂ ᠥᠪᠥᠷ ᠮᠣᠩᠭᠤᠯ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠢ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠬᠦᠴᠦᠯᠡᠨ ᠠᠬᠢᠭᠤᠯᠵᠤ᠂ ᠬᠦᠴᠢᠷ ᠲᠦᠪᠡᠭᠲᠡᠢ ᠬᠦᠨᠳᠦ ᠡᠪᠡᠳᠴᠢᠨ ᠢ ᠮᠤᠵᠢ ᠠᠯᠤᠰᠯᠠᠨ ᠡᠮᠨᠡᠭᠦᠯᠭᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠨ᠂ ︽ᠡᠪᠡᠳᠴᠢᠨ ᠦᠵᠡᠭᠦᠯᠭᠦ ᠳᠤ ᠬᠦᠴᠢᠷ᠂ ᠡᠪᠡᠳᠴᠢᠨ ᠦᠵᠡᠭᠦᠯᠭᠦ ᠳᠤ ᠬᠤᠯᠠ︾ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠳᠡᠮᠵᠢᠯᠭᠡ ᠦᠵᠡᠭᠦᠯᠵᠦ᠂ ︽ᠬᠦᠨᠳᠦ ᠡᠪᠡᠳᠴᠢᠨ ᠢ ᠦᠵᠡᠭᠦᠯᠭᠦ ᠳᠤ ᠮᠤᠵᠢ ᠠᠴᠠ ᠭᠠᠷᠬᠤ ᠦᠭᠡᠢ︾ ᠪᠠᠶᠢᠬᠤ ᠬᠠᠷᠠᠯᠲᠠ ᠶᠢ ᠪᠡᠶᠡᠯᠡᠭᠦᠯᠦᠨ᠂ ︽ᠡᠷᠡᠭᠦᠯ ᠡᠩᠬᠡ ᠳᠤᠮᠳᠠᠳᠤ ᠤᠯᠤᠰ︾ ᠤᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃      ᠣᠶᠢᠯᠠᠭᠠᠭᠰᠠᠨ ᠢᠶᠠᠷ᠂ ᠲᠤᠰ ᠡᠮᠨᠡᠯᠭᠡ ᠶᠢᠨ ᠬᠤᠷᠢᠶ᠎ᠠ ᠳᠤ ᠨᠡᠶᠢᠲᠡ 1000 ᠡᠪᠡᠳᠴᠢᠲᠡᠨ ᠤ ᠣᠷᠣ ᠲᠣᠬᠢᠷᠠᠭᠤᠯᠵᠤ᠂︽3+N︾ᠬᠠᠮᠲᠤᠷᠠᠯᠴᠠᠭᠠᠨ ᠤ ᠵᠠᠭᠪᠤᠷ ᠢ ᠪᠠᠶᠢᠭᠤᠯᠵᠤ᠂ ᠮᠡᠳᠡᠷᠡᠯ ᠤᠨ ᠳᠣᠲᠣᠷ ᠰᠠᠯᠠᠭ᠎ᠠ᠂ ᠮᠡᠳᠡᠷᠡᠯ ᠤᠨ ᠭᠠᠳᠠᠷ ᠰᠠᠯᠠᠭ᠎ᠠ᠂ ᠡᠷᠡᠭᠦᠯᠵᠢᠯ ᠤᠨ ᠡᠮᠨᠡᠯᠭᠡ ᠶᠢᠨ ᠰᠠᠯᠠᠭ᠎ᠠ ᠵᠡᠷᠭᠡ ᠲᠤᠰᠬᠠᠢ ᠰᠠᠯᠠᠭ᠎ᠠ ᠪᠠᠷ ᠰᠠᠭᠤᠷᠢ ᠪᠤᠯᠭᠠᠵᠤ᠂ ᠳᠦᠷᠰᠦ ᠰᠢᠩᠭᠡᠭᠡᠯᠲᠡ ᠶᠢᠨ ᠰᠠᠯᠠᠭ᠎ᠠ᠂ ᠡᠪᠡᠳᠴᠢᠨ ᠤ ᠵᠦᠢ ᠶᠢᠨ ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ ᠵᠡᠷᠭᠡ ᠲᠤᠰᠬᠠᠢ ᠰᠠᠯᠠᠭ᠎ᠠ ᠪᠠᠷ ᠲᠤᠯᠭᠠᠭᠤᠷᠢᠯᠠᠯ ᠪᠤᠯᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ᠂ ᠨᠢᠭᠡᠨᠲᠡ ᠣᠯᠣᠭᠰᠠᠨ ᠲᠤᠷᠰᠢᠯᠭ᠎ᠠ ᠪᠠᠷ ᠲᠣᠯᠢ ᠪᠤᠯᠭᠠᠬᠤ᠂ ᠬᠠᠮᠢᠶᠠᠷᠤᠯᠲᠠ ᠶᠢᠨ ᠠᠷᠭ᠎ᠠ ᠵᠠᠮ ᠢ ᠬᠠᠶᠢᠨ ᠰᠦᠪᠡᠭᠴᠢᠯᠡᠬᠦ᠂ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠬᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠪᠠᠷ ᠳᠠᠮᠵᠢᠭᠤᠯᠤᠨ᠂ 5 - 10 ᠵᠢᠯ ᠳᠤ ︽ᠨᠠᠷᠠᠲᠤ ᠲᠡᠮᠳᠡᠭ᠂ ᠬᠠᠮᠢᠶᠠᠷᠤᠯᠲᠠ᠂ ᠮᠡᠷᠭᠡᠵᠢᠯ︾ ᠭᠤᠷᠪᠠ ᠶᠢ ᠵᠡᠷᠭᠡᠳᠡ ᠪᠡᠶᠡᠯᠡᠭᠦᠯᠬᠦ ᠪᠠᠷ ᠴᠢᠷᠮᠠᠶᠢᠵᠤ᠂ ᠬᠠᠮᠢᠶᠠᠷᠤᠯᠲᠠ᠂ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠵᠡᠷᠭᠡ ᠲᠠᠯ᠎ᠠ ᠶᠢᠨ ᠪᠦᠭᠦ ᠲᠠᠯ᠎ᠠ ᠶᠢᠨ ᠬᠥᠭᠵᠢᠯᠲᠡ ᠶᠢ ᠠᠯᠬᠤᠮ ᠠᠯᠬᠤᠮ ᠢᠶᠠᠷ ᠠᠬᠢᠭᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号