ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ ᠴᠠᠭ ᠲᠣᠭᠲᠠᠯ᠎ᠠ
ᠨᠡᠶᠢᠲᠡᠯᠡᠭᠰᠡᠨ ᠴᠠᠭ᠄
2024/5/8
     2024 ᠣᠨ ᠤ ᠳᠡᠭᠡᠳᠦ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ︵ᠨᠢᠭᠤᠷᠲᠠᠨ ᠰᠢᠯᠭᠠᠯᠲᠠ︶ 5 ᠰᠠᠷ᠎ᠠ ᠶᠢᠨ 11 ᠤ ᠡᠳᠦᠷ ᠠᠴᠠ 12 ᠤᠨ ᠡᠳᠦᠷ ᠪᠤᠯᠲᠠᠯ᠎ᠠ ᠶᠠᠪᠤᠭᠳᠠᠨ᠎ᠠ᠃ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠥᠷᠭᠡᠨ ᠣᠯᠠᠨ ᠰᠢᠯᠭᠠᠭᠤᠯᠤᠭᠴᠢ ᠳᠤ ᠰᠠᠨᠠᠭᠤᠯᠬᠤ ᠨᠢ᠄      1. ᠰᠢᠯᠭᠠᠭᠤᠯᠬᠤ ᠦᠨᠡᠮᠯᠡᠯ ᠢ ᠳᠠᠷᠤᠮᠠᠯᠯᠠᠬᠤ ᠴᠠᠭ ᠨᠢ 5 ᠰᠠᠷ᠎ᠠ ᠶᠢᠨ 6 ᠤ ᠡᠳᠦᠷ ᠠᠴᠠ 12 ᠤᠨ ᠡᠳᠦᠷ ᠪᠤᠯᠲᠠᠯ᠎ᠠ᠂ ᠰᠢᠯᠭᠠᠭᠤᠯᠤᠭᠴᠢ ᠴᠠᠭ ᠲᠤᠬᠠᠢ ᠳᠤᠨᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠰᠦᠯᠵᠢᠶ᠎ᠡ - ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ︵https᠄//ntce.neea.edu.cn︶ ᠶᠢᠨ ︽ᠨᠡᠷ᠎ᠡ ᠮᠡᠳᠡᠭᠦᠯᠬᠦ ᠰᠢᠰᠲ᠋ᠧᠮ︾ ᠠᠴᠠ ᠰᠢᠯᠭᠠᠭᠤᠯᠬᠤ ᠦᠨᠡᠮᠯᠡᠯ ᠢᠶᠠᠨ ᠪᠠᠭᠤᠯᠭᠠᠵᠤ ᠳᠠᠷᠤᠮᠠᠯᠯᠠᠭᠠᠷᠠᠢ᠃      2. ᠰᠢᠯᠭᠠᠭᠤᠯᠤᠭᠴᠢ ᠡᠷᠬᠡᠪᠰᠢ ᠰᠢᠯᠭᠠᠭᠤᠯᠬᠤ ᠦᠨᠡᠮᠯᠡᠯ ᠳᠡᠭᠡᠷ᠎ᠡ ᠳᠠᠷᠤᠮᠠᠯᠯᠠᠭᠰᠠᠨ ᠰᠢᠯᠭᠠᠭᠤᠯᠬᠤ ᠪᠠᠷ ᠬᠦᠯᠢᠶᠡᠬᠦ ᠲᠠᠰᠤᠭ ᠲᠤ ᠣᠷᠣᠬᠤ ᠴᠠᠭ ᠠᠴᠠ ᠡᠮᠦᠨ᠎ᠡ 40 - 50 ᠮᠢᠨᠦ᠋ᠲ ᠳᠤ ᠪᠠᠶᠢᠭ᠎ᠠ ᠰᠢᠯᠭᠠᠯᠲᠠ ᠶᠢᠨ ᠭᠠᠵᠠᠷ ᠲᠠᠭᠠᠨ ᠬᠦᠷᠴᠦ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠪᠠ ᠪᠡᠶ᠎ᠡ ᠶᠢᠨ ᠭᠠᠷᠤᠯ ᠢᠶᠠᠨ ᠰᠢᠯᠭᠠᠨ ᠭᠡᠷᠡᠴᠢᠯᠡᠨ᠎ᠡ᠃      3. ᠰᠢᠯᠭᠠᠭᠤᠯᠤᠭᠴᠢ ᠰᠢᠯᠭᠠᠭᠤᠯᠬᠤ ᠦᠨᠡᠮᠯᠡᠯ ᠳᠡᠭᠡᠷᠡᠬᠢ ᠠᠩᠬᠠᠷᠬᠤ ᠵᠦᠢᠯᠡᠰ ᠢ ᠨᠠᠷᠢᠨ ᠬᠢᠨᠠᠮᠠᠭᠠᠢ ᠤᠩᠰᠢᠵᠤ᠂ ᠰᠢᠯᠭᠠᠯᠲᠠ ᠶᠢᠨ ᠴᠡᠭ ᠤᠨ ᠬᠠᠶ᠋ᠢᠭ ᠪᠠ ᠰᠢᠯᠭᠠᠬᠤ ᠴᠠᠭ ᠢ ᠨᠠᠷᠢᠨ ᠬᠢᠨᠠᠮᠠᠭᠠᠢ ᠦᠵᠡᠵᠦ᠂ ᠰᠢᠯᠭᠠᠯᠲᠠ ᠶᠢᠨ ᠴᠡᠭ ᠲᠤ ᠪᠤᠷᠤᠭᠤ ᠶᠠᠪᠤᠬᠤ᠂ ᠬᠤᠴᠣᠷᠬᠤ ᠦᠭᠡᠢ ᠪᠠᠶᠢᠬᠤ ᠶᠢ ᠠᠩᠬᠠᠷᠤᠭᠠᠷᠠᠢ; ᠰᠢᠯᠭᠠᠯᠲᠠ ᠶᠢᠨ ᠴᠡᠭ ᠲᠤ ᠬᠦᠷᠬᠦ ᠵᠠᠮ ᠱᠤᠭᠤᠮ ᠪᠠ ᠠᠷᠭ᠎ᠠ ᠭᠡᠯᠪᠡᠷᠢ ᠶᠢ ᠤᠷᠢᠳᠴᠢᠯᠠᠨ ᠰᠠᠶᠢᠲᠤᠷ ᠲᠥᠯᠥᠪᠵᠢᠭᠦᠯᠦᠭᠡᠷᠡᠢ᠂ ᠰᠢᠯᠭᠠᠯᠲᠠ ᠶᠢᠨ ᠴᠡᠭ ᠲᠤ ᠲᠡᠷᠭᠡᠨ ᠵᠣᠭᠰᠣᠭᠠᠯ ᠬᠠᠩᠭᠠᠬᠤ ᠦᠭᠡᠢ᠃      4 . ᠰᠢᠯᠭᠠᠭᠤᠯᠤᠭᠴᠢ ᠭᠠᠷ ᠤᠲᠠᠰᠤ᠂ ᠣᠶᠤᠨᠴᠢ ᠦᠢᠯᠡᠳᠬᠦᠨ ︵ᠣᠶᠤᠨᠴᠢ ᠭᠠᠷ ᠴᠠᠭ᠂ ᠭᠠᠷ ᠴᠠᠭᠠᠷᠢᠭ᠂ ᠨᠢᠳᠦᠨ ᠰᠢᠯ ᠵᠡᠷᠭᠡ︶᠂ ᠷᠠᠳᠢᠣ᠋ ᠰᠣᠨᠣᠰᠤᠭᠤᠷ ᠵᠡᠷᠭᠡ ᠴᠢᠮᠡᠭᠡ ᠬᠤᠯᠪᠣᠭᠠᠨ ᠤ ᠴᠢᠳᠠᠮᠵᠢ ᠲᠠᠢ ᠡᠯᠧᠺᠲᠷᠣᠨ ᠦᠢᠯᠡᠳᠬᠦᠨ ᠪᠠ ᠷᠠᠳᠢᠣ᠋ ᠪᠠᠷ ᠭᠡᠮ ᠬᠢᠬᠦ ᠪᠠᠭᠠᠵᠢ ᠬᠡᠷᠡᠭᠰᠡᠯ ᠢ ᠠᠪᠴᠤ ᠰᠢᠯᠭᠠᠯᠲᠠ ᠶᠢᠨ ᠴᠡᠭ ᠲᠤ ᠣᠷᠣᠵᠤ ᠪᠤᠯᠬᠤ ᠦᠭᠡᠢ᠃ ᠠᠪᠴᠤ ᠶᠠᠪᠤᠭᠰᠠᠳ ᠡᠷᠬᠡᠪᠰᠢ ᠵᠠᠬᠢᠳᠠᠯ ᠤᠨ ᠤᠭᠤᠲᠠ ᠪᠠᠨ ᠪᠡᠯᠡᠳᠬᠡᠵᠦ᠂ ᠥᠪᠡᠷ ᠤᠨ ᠣᠪᠣᠭ ᠨᠡᠷ᠎ᠡ᠂ ᠰᠢᠯᠭᠠᠯᠲᠠ ᠶᠢᠨ ᠳᠠᠯᠠᠪᠠᠢ᠂ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠮᠡᠳᠡᠭᠡ ᠵᠠᠩᠭᠢ ᠪᠠᠨ ᠪᠢᠴᠢᠭᠰᠡᠨ ᠤ ᠲᠠᠷᠠᠭ᠎ᠠ ᠵᠠᠬᠢᠳᠠᠯ ᠤᠨ ᠤᠭᠤᠲᠠᠨ ᠳᠤ ᠬᠢᠵᠦ᠂ ᠨᠢᠭᠡᠳᠦᠯᠲᠡᠢ ᠬᠠᠮᠢᠶᠠᠷᠤᠭᠤᠯᠤᠨ᠎ᠠ᠃      5. ᠰᠢᠯᠭᠠᠭᠤᠯᠤᠭᠴᠢ ᠰᠢᠯᠭᠠᠭᠤᠯᠬᠤ ᠦᠨᠡᠮᠯᠡᠯ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠰᠢᠯᠭᠠᠯᠲᠠ ᠳᠤ ᠣᠷᠤᠯᠴᠠᠬᠤ ᠬᠡᠷᠡᠭᠲᠡᠢ᠂ ᠬᠤᠶᠠᠷ ᠦᠨᠡᠮᠯᠡᠯ ᠤᠨ ᠨᠢᠭᠡ ᠨᠢ ᠴᠦ ᠳᠤᠲᠠᠵᠤ ᠪᠤᠯᠬᠤ ᠦᠭᠡᠢ᠃ ᠰᠢᠯᠭᠠᠭᠤᠯᠬᠤ ᠦᠨᠡᠮᠯᠡᠯ ᠳᠡᠭᠡᠷᠡᠬᠢ︽ᠣᠪᠣᠭ ᠨᠡᠷ᠎ᠡ︾ ᠪᠠ ︽ᠦᠨᠡᠮᠯᠡᠯ ᠤᠨ ᠨᠣᠮᠧᠷ︾ ᠤᠨ ᠮᠡᠳᠡᠭᠡ ᠵᠠᠩᠭᠢ ᠨᠢ ᠳᠡᠭᠡᠷ᠎ᠡ ᠳᠤᠷᠠᠳᠤᠭᠰᠠᠨ ᠪᠡᠶ᠎ᠡ ᠶᠢᠨ ᠦᠨᠡᠮᠯᠡᠯ ᠲᠠᠢ ᠨᠢᠭᠡᠳᠦᠯ ᠦᠭᠡᠢ ᠪᠣᠯ ᠰᠢᠯᠭᠠᠯᠲᠠ ᠳᠤ ᠣᠷᠣᠯᠴᠠᠵᠤ ᠪᠤᠯᠬᠤ ᠦᠭᠡᠢ᠃      6. ᠭᠠᠷ ᠤᠲᠠᠰᠤ ᠵᠡᠷᠭᠡ ᠬᠤᠷᠢᠶᠠᠵᠤ ᠲᠠᠷᠬᠠᠭᠠᠬᠤ᠂ ᠭᠡᠷᠡᠯ ᠵᠢᠷᠤᠭ ᠠᠪᠬᠤ᠂ ᠲᠠᠭᠤ ᠰᠢᠩᠭᠡᠭᠡᠬᠦ᠂ ᠳᠦᠷᠰᠦ ᠰᠢᠩᠭᠡᠭᠡᠬᠦ ᠵᠡᠷᠭᠡ ᠴᠢᠳᠠᠮᠵᠢ ᠲᠠᠢ ᠡᠯᠧᠺᠲᠷᠣᠨ ᠲᠥᠬᠦᠭᠡᠷᠦᠮᠵᠢ ᠶᠢ ᠠᠪᠴᠤ ︽ᠰᠡᠳᠦᠪ ᠰᠣᠩᠭᠤᠬᠤ ᠲᠠᠰᠤᠭ︾᠂ ︽ᠬᠢᠴᠢᠶᠡᠯ ᠪᠡᠯᠡᠳᠬᠡᠬᠦ ᠲᠠᠰᠤᠭ︾᠂ ︽ᠨᠢᠭᠤᠷᠲᠠᠨ ᠰᠢᠯᠭᠠᠬᠤ ᠲᠠᠰᠤᠭ︾ ᠲᠤ ᠣᠷᠣᠭᠰᠠᠨ ᠪᠦᠭᠦᠨ ᠢ ᠴᠥᠮ ᠲᠣᠭᠲᠠᠭᠠᠯ ᠠᠴᠠ ᠵᠥᠷᠢᠴᠡᠨ ᠭᠡᠮ ᠬᠢᠭᠰᠡᠨ ᠢᠶᠠᠷ ᠰᠢᠢᠳᠪᠦᠷᠢᠯᠡᠨ᠎ᠡ᠃      7. ᠰᠢᠯᠭᠠᠯᠲᠠ ᠶᠢᠨ ᠬᠤᠭᠤᠴᠠᠭᠠᠨ ᠳᠤ ᠰᠢᠯᠭᠠᠭᠤᠯᠤᠭᠴᠢ ᠰᠢᠯᠭᠠᠯᠲᠠ ᠶᠢᠨ ᠴᠡᠭ ᠤᠨ ᠠᠵᠢᠯᠲᠠᠨ ᠤ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠰᠣᠨᠣᠰᠴᠤ᠂ ᠰᠢᠯᠭᠠᠯᠲᠠ ᠶᠢᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠢ᠃      8. 2024 ᠣᠨ ᠤ 6 ᠰᠠᠷ᠎ᠠ ᠶᠢᠨ 14 ᠤ ᠡᠳᠦᠷ ᠠᠴᠠ ᠡᠬᠢᠯᠡᠨ᠂ ᠰᠢᠯᠭᠠᠭᠤᠯᠤᠭᠴᠢ ︽ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠰᠦᠯᠵᠢᠶ᠎ᠡ - ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ ᠪᠤᠯᠤᠩ︾ ᠳᠤ ᠭᠠᠷᠴᠤ ᠨᠢᠭᠤᠷᠲᠠᠨ ᠰᠢᠯᠭᠠᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠣᠨ᠎ᠠ ︵ᠪᠠᠶᠢᠴᠠᠭᠠᠨ ᠯᠠᠪᠯᠠᠬᠤ ᠴᠠᠭ ᠨᠢ ᠬᠤᠪᠢᠷᠠᠯᠲᠠ ᠲᠠᠢ ᠪᠣᠯ ᠲᠣᠰ ᠰᠦᠯᠵᠢᠶ᠎ᠡ ᠶᠢᠨ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ︶᠃      ᠢᠷᠡᠯᠲᠡ᠄ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号