ᠥᠨᠳᠥᠷ ᠦᠨ᠎ᠡ ᠲᠠᠢ ᠲᠤᠬᠯᠠᠯᠳᠠ ᠶᠢᠨ ᠪᠢᠯᠧᠲ ᠢ ᠬᠤᠳᠠᠯᠳᠤᠨ ᠠᠪᠬᠤ ᠳᠠᠭᠠᠨ ᠰᠣᠨᠣᠷ ᠰᠡᠷᠡᠮᠵᠢ ᠲᠠᠢ ᠪᠠᠶᠢᠭᠠᠷᠠᠢ
ᠨᠡᠶᠢᠲᠡᠯᠡᠭᠰᠡᠨ ᠴᠠᠭ᠄
2024/5/8
     ᠣᠶᠢᠷ᠎ᠠ ᠳᠤ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠯᠢ ᠣᠪᠣᠭᠲᠤ ᠶᠢᠨ ᠰᠦᠯᠵᠢᠶᠡᠨ ᠳᠡᠭᠡᠷ᠎ᠡ ᠠᠴᠠ ᠲᠤᠬᠯᠠᠯᠳᠠ ᠶᠢᠨ ᠪᠢᠯᠧᠲ ᠢ ᠥᠨᠳᠥᠷ ᠦᠨ᠎ᠡ ᠪᠠᠷ ᠬᠤᠳᠠᠯᠳᠤᠨ ᠠᠪᠤᠭᠠᠳ 4680 ᠲᠥᠭᠦᠷᠢᠭ ᠮᠡᠬᠡᠯᠡᠭᠳᠡᠪᠡ ᠭᠡᠬᠦ ᠬᠡᠷᠡᠭ ᠤᠨ ᠮᠡᠳᠡᠭᠦᠯᠦᠯᠲᠡ ᠶᠢ ᠲᠤᠰᠪᠠ᠃      ᠯᠢ ᠣᠪᠣᠭᠲᠤ ᠠᠯᠪᠠᠨ ᠤ ᠲᠠᠯ᠎ᠠ ᠶᠢᠨ ᠪᠢᠯᠧᠲ ᠢ ᠬᠤᠳᠠᠯᠳᠤᠨ ᠠᠪᠴᠤ ᠳᠡᠶᠢᠯᠦᠭᠰᠡᠨ ᠦᠭᠡᠢ ᠲᠤᠯᠠ ᠨᠢᠭᠡᠨ ᠰᠦᠯᠵᠢᠶᠡᠨ ᠲᠠᠪᠴᠠᠩ ᠳᠡᠭᠡᠷ᠎ᠡ ᠪᠢᠯᠧᠲ ᠬᠤᠳᠠᠯᠳᠤᠵᠤ ᠪᠠᠶᠢᠭ᠎ᠠ ᠮᠡᠳᠡᠭᠡ ᠵᠠᠩᠭᠢ ᠶᠢ ᠣᠯᠵᠤ ᠦᠵᠡᠭᠡᠳ᠂ ᠳᠠᠷᠤᠶᠢᠬᠠᠨ ᠨᠥᠭᠦᠭᠡ ᠡᠲᠡᠭᠡᠳ ᠤᠨ ᠵᠢᠷᠭᠢᠶ᠎ᠡ ᠶᠢ ᠨᠡᠮᠡᠵᠦ ᠠᠪᠤᠪᠠ᠃ ᠵᠣᠭᠤᠭᠳᠠᠬᠤ ᠶᠠᠪᠤᠴᠠ ᠳᠤ᠂ ᠨᠥᠭᠦᠭᠡ ᠡᠲᠡᠭᠡᠳ ᠨᠢ 680 ᠲᠥᠭᠦᠷᠢᠭ ᠤᠨ ᠬᠤᠶᠠᠷ ᠪᠢᠯᠧᠲ ᠢ 200 ᠲᠥᠭᠦᠷᠢᠭ ᠨᠡᠮᠡᠪᠡᠯ ᠳᠠᠷᠤᠢ ᠰᠢᠯᠵᠢᠭᠦᠯᠦᠨ ᠥᠭᠴᠦ ᠪᠣᠯᠣᠨ᠎ᠠ ᠭᠡᠵᠦ ᠬᠡᠯᠡᠪᠡ᠃ ᠯᠢ ᠣᠪᠣᠭᠲᠤ ᠮᠠᠰᠢ ᠰᠡᠳᠬᠢᠯ ᠬᠥᠳᠡᠯᠵᠦ᠂ ᠲᠦᠷᠦᠭᠦᠦ ᠤᠳᠠᠭ᠎ᠠ 1560 ᠲᠥᠭᠦᠷᠢᠭ ᠰᠢᠯᠵᠢᠭᠦᠯᠵᠦ ᠥᠭᠭᠦᠭᠰᠡᠨ ᠳᠤ ᠨᠦᠭᠦᠭᠡ ᠡᠲᠡᠭᠡᠳ ᠨᠢ ︽ᠬᠤᠪᠢ ᠬᠥᠮᠥᠨ ᠤ ᠮᠡᠳᠡᠭᠡ ᠵᠠᠩᠭᠢ ᠭᠦᠢᠴᠡᠳ ᠦᠭᠡᠢ ᠠᠴᠠ ᠪᠢᠯᠧᠲ ᠬᠤᠳᠠᠯᠳᠤᠨ ᠠᠪᠴᠤ ᠳᠡᠶᠢᠯᠦᠭᠰᠡᠨ ᠦᠭᠡᠢ︾ ᠭᠡᠰᠡᠨ ᠬᠠᠷᠢᠭᠤ ᠥᠭᠴᠦ᠂ ᠯᠢ ᠣᠪᠣᠭᠲᠤ ᠶᠢ ᠳᠠᠭᠢᠨ 1560 ᠲᠥᠭᠦᠷᠢᠭ ᠥᠭᠬᠦ ᠶᠢ ᠱᠠᠭᠠᠷᠳᠠᠭᠰᠠᠨ ᠪᠥᠭᠡᠳ  ᠢᠯᠡᠭᠦᠦ ᠥᠭᠭᠦᠭᠰᠡᠨ ᠵᠣᠭᠤᠰ ᠢ ᠨᠢ ᠪᠤᠴᠠᠭᠠᠨ᠎ᠠ ᠭᠡᠪᠡ᠃ ᠬᠤᠶᠠᠳᠤᠭᠠᠷ ᠤᠳᠠᠭ᠎ᠠ᠂ ᠨᠥᠭᠦᠭᠡ ᠡᠲᠡᠭᠡᠳ ᠨᠢ ︽ᠭᠠᠷᠳᠠᠮ ᠭᠦᠢᠴᠡᠳᠬᠡᠭᠰᠡᠨ ᠴᠠᠭ ᠨᠢ ᠭᠡᠳᠤ ᠤᠷᠳᠤ︾ ᠭᠡᠬᠦ ᠰᠢᠯᠲᠠᠭ ᠢᠶᠠᠷ ᠳᠠᠬᠢᠨᠲᠠ ᠵᠣᠭᠤᠰ ᠥᠭᠬᠦ ᠶᠢ ᠱᠠᠭᠠᠷᠳᠠᠪᠠ᠃ ᠯᠢ ᠣᠪᠣᠭᠲᠤ ᠭᠤᠷᠪᠠᠳᠤᠭᠠᠷ ᠤᠳᠠᠭ᠎ᠠ ᠳᠠᠩᠰᠠ ᠰᠢᠯᠵᠢᠭᠦᠯᠦᠭᠰᠡᠨ ᠤ ᠳᠠᠷᠠᠭ᠎ᠠ᠂ ᠨᠥᠭᠦᠭᠡ ᠡᠲᠡᠭᠡᠳ ᠨᠢ ᠪᠠᠰᠠ ︽ᠮᠡᠳᠡᠭᠡ ᠵᠠᠩᠭᠢ ᠶᠢ ᠳᠠᠬᠢᠨᠲᠠ ᠬᠢᠨᠠᠨ ᠰᠢᠯᠭᠠᠬᠤ︾ ᠰᠢᠯᠲᠠᠭᠠᠨ ᠢᠶᠠᠷ ᠲᠡᠭᠦᠨ ᠢ ᠨᠢᠭᠡ ᠯᠡ ᠤᠳᠠᠭ᠎ᠠ ᠳᠡᠭᠡᠷ᠎ᠡ 4680 ᠲᠥᠭᠦᠷᠢᠭ ᠰᠢᠯᠵᠢᠭᠦᠯᠪᠡᠯ ᠰᠠᠶ᠋ᠢ ᠪᠢᠯᠧᠲ ᠭᠠᠷᠭᠠᠵᠤ ᠪᠣᠯᠣᠨ᠎ᠠ ᠭᠡᠰᠡᠨ ᠳᠤ᠂ ᠯᠢ ᠣᠪᠣᠭᠲᠤ ᠴᠠᠭᠢᠯᠭᠠᠨ ᠬᠤᠯᠪᠤᠭ᠎ᠠ ᠶᠢᠨ ᠮᠡᠬᠡᠯᠡᠯ ᠭᠡᠵᠦ ᠰᠡᠵᠢᠭᠯᠡᠨ ᠴᠠᠭᠳᠠᠭ᠎ᠠ ᠳᠤ ᠬᠡᠷᠡᠭ ᠮᠡᠳᠡᠭᠦᠯᠪᠡ᠃      ᠡᠨᠡ ᠵᠢᠯ ᠭᠦᠭᠡᠬᠤᠳᠠ ᠳᠤ ᠤᠯᠠᠨ ᠲᠠᠯᠠᠪᠠᠢ ᠲᠤᠬᠯᠠᠯᠳᠠ ᠪᠠ ᠦᠳᠡᠰᠢᠯᠡᠭᠡ ᠡᠷᠭᠢᠯᠡᠭᠦ ᠭᠡᠵᠦ ᠪᠤᠢ᠃ ᠡᠶᠢᠮᠦᠷᠬᠦᠦ ᠬᠡᠷᠡᠭ ᠳᠠᠭᠢᠨ ᠡᠭᠦᠰᠬᠦ ᠠᠴᠠ ᠵᠠᠶᠢᠯᠠᠰᠬᠢᠬᠤ ᠶᠢᠨ ᠲᠥᠯᠥᠭᠡ ᠴᠠᠭᠳᠠᠭᠠᠨ ᠤ ᠲᠠᠯ᠎ᠠ ᠠᠴᠠ ᠬᠡᠳᠦᠨ ᠮᠡᠬᠡᠯᠡᠯ ᠤᠨ ᠠᠷᠭ᠎ᠠ ᠶᠢ ᠰᠡᠷᠡᠮᠵᠢᠯᠡᠭᠦᠯᠪᠡ᠃ ᠵᠢᠱᠢᠶᠡᠯᠡᠪᠡᠯ᠂ ᠮᠡᠬᠡᠯᠡᠭᠴᠢ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ ᠮᠡᠳᠡᠭᠡ ᠵᠠᠩᠭᠢ ᠪᠠ ᠬᠠᠷᠢᠯᠴᠠᠬᠤ ᠠᠷᠭ᠎ᠠ ᠪᠠᠨ ᠨᠡᠶᠢᠲᠡᠯᠡᠵᠦ᠂ ᠥᠪᠡᠷ ᠢ ᠪᠠᠨ ᠭᠤᠣᠯᠯᠠᠨ ᠡᠷᠭᠢᠯᠡᠭᠰᠡᠨ ᠨᠢᠭᠡᠴᠢ ᠶᠢᠨ ᠠᠵᠢᠯᠲᠠᠨ ᠭᠡᠵᠦ ᠣᠪᠯᠠᠨ᠎ᠠ᠂ ᠬᠡᠷᠡᠭᠯᠡᠭᠴᠢᠳ ᠵᠣᠭᠤᠰ ᠢᠶᠠᠨ ᠰᠢᠯᠵᠢᠭᠦᠯᠦᠭᠰᠡᠨ ᠤ ᠳᠠᠷᠠᠭ᠎ᠠ᠂ ᠮᠡᠬᠡᠯᠡᠭᠴᠢ ᠡᠯᠳᠡᠪ ᠵᠦᠢᠯ ᠤᠨ ᠰᠢᠯᠲᠠᠭᠠᠨ ᠢᠶᠠᠷ ᠦᠷᠭᠦᠯᠵᠢᠯᠡᠨ ᠵᠣᠭᠤᠰ ᠲᠤᠰᠢᠶᠠᠬᠤ ᠶᠢ ᠱᠠᠭᠠᠷᠳᠠᠳᠠᠭ᠃ ᠮᠡᠬᠡᠯᠡᠭᠴᠢ ᠪᠠᠰᠠ ᠵᠢᠷᠭᠢᠶ᠎ᠡ᠂ QQ ᠵᠡᠷᠭᠡ ᠪᠠᠷ ᠪᠢᠯᠧᠲ ᠢᠶᠠᠨ ᠰᠢᠯᠵᠢᠭᠦᠯᠬᠦ ᠮᠡᠳᠡᠭᠡ ᠵᠠᠩᠭᠢ ᠲᠠᠷᠬᠠᠭᠠᠬᠤ ᠶᠢᠨ ᠬᠠᠮᠲᠤ ᠰᠠᠶᠢᠨ ᠨᠠᠶᠢᠵᠢ ᠨᠡᠮᠡᠵᠦ᠂ ᠬᠠᠭᠤᠷᠮᠠᠭ ᠰᠦᠯᠵᠢᠶᠡᠨ ᠬᠠᠶ᠋ᠢᠭ ᠢᠶᠠᠷ ᠬᠡᠷᠡᠭᠯᠡᠭᠴᠢᠳ ᠤᠨ ᠵᠣᠭᠤᠰ ᠢ ᠮᠡᠬᠡᠯᠡᠳᠡᠭ᠃ ᠵᠠᠷᠢᠮ ᠮᠡᠬᠡᠯᠡᠭᠴᠢ ᠨᠢ ᠬᠡᠷᠡᠭᠯᠡᠭᠴᠢᠳ ᠢᠶᠠᠷ ᠭᠡᠳᠤ ᠤᠳᠠᠭ᠎ᠠ ᠵᠣᠭᠤᠰ ᠰᠢᠯᠵᠢᠭᠦᠯᠦᠭᠰᠡᠨ ᠤ ᠲᠠᠷᠠᠭ᠎ᠠ ᠬᠠᠭᠤᠷᠮᠠᠭ ᠪᠢᠯᠧᠲ ᠭᠤᠪᠢᠭᠤᠯᠵᠤ ᠦᠭᠳᠡᠭ᠃      ᠴᠠᠭᠳᠠᠭᠠᠨ ᠤ ᠲᠠᠯ᠎ᠠ ᠶᠢᠨ ᠬᠢᠨ᠂ ᠣᠯᠠᠩᠬᠢ ᠲᠣᠬᠯᠠᠯᠲᠠ ᠴᠥᠮ ᠬᠤᠪᠢ ᠬᠥᠮᠥᠨ ᠤ ᠪᠡᠶ᠎ᠡ ᠶᠢᠨ ᠦᠨᠡᠮᠯᠡᠯ  ᠢᠶᠠᠷ ᠪᠢᠯᠧᠲ ᠬᠤᠳᠠᠯᠳᠤᠨ ᠠᠪᠬᠤ ᠶᠢ ᠱᠠᠭᠠᠷᠳᠠᠵᠤ᠂ ᠬᠡᠷᠡᠭᠯᠡᠭᠴᠢᠳ ᠡᠷᠬᠡᠪᠰᠢ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠪᠢᠯᠧᠲ ᠬᠤᠳᠠᠯᠳᠤᠨ ᠠᠪᠴᠤ᠂ ᠰᠦᠯᠵᠢᠶᠡᠨ ᠳᠡᠭᠡᠷᠡᠬᠢ ᠡᠯ᠎ᠡ ᠵᠦᠢᠯ ᠤᠨ ᠪᠢᠯᠧᠲ ᠬᠤᠳᠠᠯᠳᠤᠬᠤ ᠮᠡᠳᠡᠭᠡ ᠵᠠᠩᠭᠢ ᠳᠤ ᠰᠣᠨᠣᠷ ᠰᠡᠷᠡᠮᠵᠢ ᠪᠠᠨ ᠲᠡᠭᠡᠭᠰᠢᠯᠡᠭᠦᠯᠵᠦ᠂ ᠨᠠᠩ ᠴᠤ ᠬᠥᠩᠭᠡᠨ ᠬᠠᠭᠤᠳᠠᠮ ᠢᠶᠠᠷ ᠲᠠᠩᠰᠠ ᠰᠢᠯᠵᠢᠭᠦᠯᠵᠦ ᠪᠤᠯᠬᠤ ᠦᠭᠡᠢ᠂ ᠡᠳ᠋ ᠬᠥᠷᠥᠩᠭᠡ ᠶᠢᠨ ᠬᠤᠬᠢᠷᠠᠯ ᠠᠴᠠ ᠵᠠᠶᠢᠯᠠᠰᠬᠢᠬᠤ ᠬᠡᠷᠡᠭᠲᠡᠢ ᠭᠡᠵᠦ ᠰᠠᠨᠠᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号