ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠡᠬᠢᠯᠡᠯ᠎ᠡ
ᠨᠡᠶᠢᠲᠡᠯᠡᠭᠰᠡᠨ ᠴᠠᠭ᠄
2024/5/8
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠳᠤ᠄ ᠵᠢᠯ ᠪᠦᠷᠢ ᠶᠢᠨ 5 ᠰᠠᠷ᠎ᠠ ᠶᠢ ᠪᠦᠭᠦ ᠣᠷᠣᠨ ᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠᠷ ᠲᠣᠭᠲᠠᠭᠠᠭᠰᠠᠨ ᠶᠤᠮ᠃ ᠡᠨᠡ ᠵᠢᠯ ᠤᠨ ᠤᠬᠠᠭᠤᠯᠭ᠎ᠠ ᠶᠢᠨ ᠭᠤᠣᠯ ᠰᠡᠳᠦᠪ ᠪᠣᠯ᠄ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠭᠦ ᠣᠷᠣᠨ ᠢ ᠪᠦᠭᠦ ᠲᠠᠯ᠎ᠠ ᠪᠠᠷ ᠪᠠᠶᠢᠭᠤᠯᠤᠨ ᠪᠠᠬᠢᠵᠢᠭᠦᠯᠦᠨ᠎ᠡ᠃
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠲᠠᠢ ᠬᠠᠮᠲᠤᠷᠠᠨ ᠬᠥᠯᠥᠨ ᠪᠤᠶᠢᠷ ᠬᠤᠲᠠ ᠳᠤ ᠪᠦᠭᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠭᠢᠯᠡᠯᠲᠡ ᠶᠢᠨ ᠶᠣᠰᠣᠯᠠᠯ ᠶᠠᠪᠤᠭᠤᠯᠪᠠ᠃      ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ  ᠵᠥᠪᠯᠡᠯ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号