ᠰᠠᠶᠢᠬᠠᠨ ᠲᠣᠭᠤᠷᠢᠭ 2024 ᠣᠨ ᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠤᠬᠠᠭᠤᠯᠭ᠎ᠠ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/11
     2024 ᠣᠨ ᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠪᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠠᠶᠢᠬᠠᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠤᠬᠠᠭᠤᠯᠤᠨ ᠳᠡᠯᠭᠡᠨ ᠦᠵᠡᠭᠦᠯᠵᠦ᠂ ᠪᠥᠬᠦ ᠨᠡᠶᠢᠭᠡᠮ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠣᠨᠣᠯᠵᠢᠬᠤᠨ ᠢ ᠭᠦᠨᠵᠡᠭᠡᠶᠢᠷᠡᠭᠦᠯᠬᠦ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ · ᠳᠤᠮᠳᠠᠳᠤ ᠶᠢᠨ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠦᠶ᠎ᠡ 2024 ᠣᠨ ᠤ ᠰᠠᠶᠢᠬᠠᠨ ᠲᠣᠭᠤᠷᠢᠭ ᠤᠨ ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠤᠬᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠬᠥᠬᠡᠬᠤᠲᠠ ᠶᠢᠨ ᠬᠤᠲᠠ ᠶᠢᠨ ᠦᠵᠡᠭᠦᠯᠭᠡ ᠶᠢᠨ ᠲᠥᠪ ᠲᠤ ᠶᠠᠪᠤᠭᠳᠠᠪᠠ᠃          ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠮᠥᠰ ᠤᠨ ᠠᠩᠬᠠᠷᠤᠯ ᠢ ᠲᠠᠲᠠᠬᠤ ᠪᠣᠳᠠᠰ ᠤᠨ ᠪᠤᠰᠤ ᠰᠣᠶᠣᠯ ᠤᠨ ᠥᠪ ᠤᠨ ᠠᠯᠢ ᠤᠯᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠪᠡ᠃  ᠠᠵᠢᠯᠯᠠᠭ᠎ᠠ ᠶᠢᠨ ᠳᠤᠮᠳᠠ᠂ ᠭᠤᠣᠯᠯᠠᠨ ᠡᠷᠬᠢᠯᠡᠭᠰᠡᠨ ᠲᠠᠯ᠎ᠠ ᠨᠢ ᠰᠠᠶᠢᠬᠠᠨ ᠲᠣᠭᠤᠷᠢᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠠᠶᠢᠨ ᠳᠤᠷ᠎ᠠ ᠶᠢᠨ ᠠᠵᠢᠯᠯᠠᠭᠴᠢ ᠳᠤ ᠦᠨᠡᠮᠯᠡᠯ ᠣᠯᠭᠤᠵᠤ᠂  ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠠ ᠬᠠᠮᠠᠭᠠᠯᠠᠯᠲᠠ ᠶᠢᠨ ᠲᠠᠯ᠎ᠠ ᠪᠠᠷ ᠬᠢ ᠭᠠᠷᠮᠠᠭᠠᠢ ᠬᠤᠪᠢ ᠨᠡᠮᠡᠷᠢ ᠶᠢ ᠬᠥᠬᠢᠭᠦᠯᠦᠨ ᠰᠠᠶᠢᠰᠢᠶᠠᠪᠠ᠃ ᠡᠭᠦᠨ ᠠᠴᠠ ᠭᠠᠳᠠᠨ᠎ᠠ᠂ ᠰᠠᠶᠢᠬᠠᠨ ᠲᠣᠭᠤᠷᠢᠭ ᠪᠠᠰᠠ 31 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠲᠤᠬᠠᠢ ᠶᠢᠨ ᠲᠠᠯᠠᠪᠤᠷ ᠤᠨ ᠤᠷ᠎ᠠ ᠮᠡᠷᠭᠡᠵᠢᠯ ᠤᠨ ᠦᠵᠡᠭᠦᠯᠦᠯᠭᠡ ᠬᠢᠪᠡ᠃ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠬᠠᠢ ᠶᠢᠨ ᠲᠠᠯᠠᠪᠠᠶ ᠳᠤ ᠬᠦᠷᠴᠦ ᠣᠯᠠᠨ ᠲᠦᠮᠡᠨ ᠲᠠᠢ ᠰᠠᠨᠠᠯ ᠢᠶᠠᠨ ᠰᠣᠯᠢᠯᠴᠠᠵᠤ᠂ ᠣᠯᠠᠨ ᠳᠤ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠣᠯᠠᠨ ᠲᠦᠮᠡᠨ ᠤ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠ ᠬᠦᠨᠳᠦᠳᠬᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃
         ᠬᠥᠬᠡᠬᠤᠲᠠ ᠶᠢᠨ ᠬᠤᠲᠠ ᠶᠢᠨ ᠦᠵᠡᠭᠦᠯᠭᠡ ᠶᠢᠨ ᠲᠥᠪ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ ᠳᠤ᠂ ᠡᠷᠲᠡᠨ ᠤ ᠰᠣᠶᠣᠯ ᠤᠨ ᠥᠪ ᠨᠢ ᠰᠢᠨ᠎ᠡ ᠶᠢ ᠡᠭᠦᠳᠬᠦ ᠬᠡᠯᠪᠡᠷᠢ ᠪᠠᠷ ᠭᠤᠶᠢᠳᠠ ᠰᠠᠶᠢᠬᠠᠨ ᠲᠠᠯᠠᠪᠠᠶ ᠳᠤ ᠭᠠᠷᠴᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠥᠷᠭᠡᠨ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠠᠢ᠃  ᠦᠵᠡᠭᠦᠯᠦᠯᠭᠡ ᠶᠢᠨ ᠲᠢᠩᠬᠢᠮ ᠤᠨ ᠨᠥᠭᠦᠭᠡ ᠲᠠᠯ᠎ᠠ ᠪᠠᠷ᠂ ᠨᠢᠭᠡ ᠪᠦᠯᠦᠭ ᠤᠯᠠᠭᠠᠨ ᠪᠦᠴᠡᠲᠡᠨ ᠭᠠᠷ ᠲᠠᠭᠠᠨ ᠵᠢᠷᠤᠭ ᠪᠢᠷ ᠬᠡᠷᠡᠭᠯᠡᠵᠦ᠂ ᠨᠤᠲᠤᠭ ᠤᠰᠤ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠵᠢᠷᠤᠭᠯᠠᠵᠤ᠂ ᠬᠡᠦᠬᠡᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢ ᠢᠯᠡᠷᠡᠭᠦᠯᠵᠡᠢ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠬᠥᠬᠡᠬᠤᠲᠠ ᠶᠢᠨ ᠰᠣᠶᠣᠯ ᠬᠢᠭᠡᠳ ᠪᠠᠶᠢᠭᠠᠯᠢ ᠶᠢᠨ ᠥᠪ ᠤᠨ ᠡᠳᠦᠷ ᠤᠨ ᠭᠤᠣᠯ ᠰᠡᠳᠦᠪᠲᠦ ︽ᠨᠢᠭᠡ ᠬᠤᠲᠠ ᠳᠤ ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠷᠦᠨ ᠴᠢᠩ︾ ᠢ ᠥᠷᠨᠢᠭᠦᠯᠵᠦ᠂ ᠰᠠᠶᠢᠬᠠᠨ ᠲᠣᠭᠤᠷᠢᠭ ᠤᠨ ᠰᠢᠨ᠎ᠡ ᠰᠣᠷᠭᠤᠭ ᠳᠠᠮᠵᠢᠭᠤᠯᠬᠤ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠬᠠᠤᠯᠢ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢ ᠤᠬᠠᠭᠤᠯᠵᠤ᠂ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠭᠵᠢᠯᠲᠡ ᠪᠠ ᠤᠯᠠᠮᠵᠢᠯᠠᠨ ᠵᠠᠯᠭᠠᠮᠵᠢᠯᠠᠬᠤ ᠶᠢᠨ ᠴᠢᠬᠤᠯᠠ ᠴᠢᠨᠠᠷ ᠢ ᠮᠡᠳᠡᠷᠡᠭᠦᠯᠪᠡ᠃
     ᠰᠠᠶᠢᠬᠠᠨ ᠲᠣᠭᠤᠷᠢᠭ ᠲᠤ ᠨᠢᠭᠡᠨᠲᠡ 31 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ᠂ ᠡᠭᠦᠨ ᠳᠤ 8 ᠵᠦᠢᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠵᠤ᠂ 17 ᠵᠦᠢᠯ ᠨᠢ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠵᠤ᠂ 52 ᠬᠥᠮᠥᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠠᠷ ᠨᠡᠷᠡᠶᠢᠳᠦᠭᠳᠡᠪᠡ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠨᠠᠩ ᠰᠠᠶᠢᠲᠤᠷ ᠤᠯᠠᠮᠵᠢᠯᠠᠨ ᠬᠠᠮᠠᠭᠠᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠲᠤ ᠨᠢᠭᠡᠨᠲᠡ ᠱᠢ ᠷᠧᠨ ᠸᠠᠨ ᠲᠣᠰᠬᠤᠨ᠂ ᠦ᠋ ᠯᠦ ᠲᠣᠰᠬᠤᠨ᠂ ᠡᠯ ᠳ᠋ᠣᠣ ᠾᠧ ᠲᠣᠰᠬᠤᠨ ᠵᠡᠷᠭᠡ ᠭᠤᠷᠪᠠᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠪᠣᠯᠪᠠᠰᠤᠷᠠᠭᠤᠯᠬᠤ ᠰᠠᠭᠤᠷᠢᠨ ᠭᠠᠵᠠᠷ ᠵᠢᠴᠢ ᠳ᠋ᠠ ᠲᠠᠢ ᠲᠣᠰᠬᠤᠨ᠂ ᠵᠤᠤ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠪᠣᠯᠣᠨ ᠢᠦᠢ ᠯᠢᠨ ᠲᠣᠰᠬᠤᠨ ᠵᠡᠷᠭᠡ ᠭᠤᠷᠪᠠᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠪᠣᠯᠪᠠᠰᠤᠷᠠᠭᠤᠯᠬᠤ ᠭᠠᠵᠠᠷ ᠢ ᠪᠠᠶᠢᠭᠤᠯᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号