ᠰᠠᠶᠢᠬᠠᠨ ᠲᠣᠭᠤᠷᠢᠭ᠄ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/6/11
     2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠣᠶᠢᠷᠠᠳᠬᠤ ᠶᠢ ᠳᠠᠭᠠᠯᠳᠤᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠬᠢᠭᠡᠳ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠠᠴᠠ ᠡᠮᠦᠨᠡᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠰᠤᠷᠤᠭᠴᠢᠳ ᠲᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃
    ᠲᠣᠰ ᠤᠳᠠᠭᠠᠨ ᠤ ᠪᠠᠶᠢᠴᠠᠭᠠᠯᠲᠠ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠪᠠ ᠢᠳᠡᠭᠡᠨ ᠤ ᠭᠦᠢᠯᠭᠡᠭᠡᠨ ᠤ ᠨᠢᠭᠡᠴᠢ ᠪᠠᠷ ᠭᠤᠣᠯᠳᠠᠯᠭ᠎ᠠ ᠪᠣᠯᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠨ᠂ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠪᠠᠷᠠᠭ᠎ᠠ ᠣᠷᠣᠭᠤᠯᠬᠤ ᠡᠬᠡ ᠲᠠᠩᠰᠠ᠂ ᠭᠡᠷᠡᠴᠢ ᠪᠠᠷᠢᠮᠲᠠ ᠠᠪᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ᠂ ᠢᠳᠡᠭᠡᠨ ᠪᠣᠯᠪᠠᠰᠤᠷᠠᠭᠤᠯᠬᠤ ᠠᠵᠢᠯᠯᠠᠭᠠᠨ ᠤ ᠶᠠᠪᠤᠴᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠨᠠᠷᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠡᠯ᠎ᠡ ᠰᠢᠯᠭᠠᠯᠲᠠ ᠶᠢᠨ ᠴᠡᠭ ᠤᠨ ᠰᠤᠷᠭᠠᠭᠤᠯᠢ ᠪᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠡᠷᠬᠡᠪᠰᠢ ︽ᠢᠳᠡᠭᠡᠨ ᠤᠮᠳᠠᠭᠠᠨ ᠤ ᠦᠢᠯᠡᠴᠢᠯᠡᠭᠡᠨ  ᠤ ᠢᠳᠡᠭᠡᠨ ᠤ ᠠᠮᠤᠷ ᠲᠦᠪᠰᠢᠨ ᠤ ᠵᠢᠷᠤᠮᠵᠢᠭᠤᠨ ᠠᠵᠢᠯᠯᠠᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠢᠳᠡᠭᠡᠨ ᠤ ᠭᠦᠢᠯᠭᠡᠭᠡᠨ ᠤ ᠨᠢᠭᠡᠴᠡ ᠶᠢᠨ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠪᠠᠷᠠᠭ᠎ᠠ ᠣᠷᠣᠭᠤᠯᠬᠤ ᠡᠬᠡ ᠲᠠᠩᠰᠠ᠂ ᠭᠡᠷᠡᠴᠢ ᠪᠠᠷᠢᠮᠲᠠ ᠠᠪᠬᠤ ᠵᠡᠷᠭᠡ ᠵᠠᠩᠭᠢᠯᠠᠭ᠎ᠠ ᠶᠢᠨ ᠶᠠᠪᠤᠴᠠ ᠶᠢ ᠴᠢᠩᠭ᠎ᠠ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠶᠢ ᠦᠨᠡᠨᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃
     ᠡᠭᠦᠨ ᠠᠴᠠ ᠭᠠᠳᠠᠨ᠎ᠠ᠂ ᠬᠠᠤᠯᠢ ᠬᠡᠷᠡᠭᠵᠢᠭᠦᠯᠬᠦ ᠠᠵᠢᠯᠲᠠᠨ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠪᠠᠭᠤᠳᠠᠯ ᠳᠤ ᠲᠤᠰᠬᠠᠢ ᠪᠠᠶᠢᠴᠠᠭᠠᠯᠲᠠ ᠬᠢᠵᠦ᠂ ᠪᠠᠭᠤᠳᠠᠯ ᠤᠨ ᠦᠨ᠎ᠡ ᠬᠠᠩᠰᠢ ᠶᠢ ᠢᠯᠡ ᠲᠡᠮᠳᠡᠭᠯᠡᠭᠰᠡᠨ ᠪᠠᠶᠢᠳᠠᠯ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠦᠨ᠎ᠡ ᠬᠠᠩᠰᠢ ᠶᠢᠨ ᠬᠤᠪᠢᠷᠠᠯᠲᠠ ᠵᠢᠴᠢ ᠣᠨᠴᠠ ᠲᠥᠷᠥᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠪᠠᠭᠤᠳᠠᠯ ᠤᠨ ᠬᠡᠷᠡᠭᠯᠡᠬᠦ ᠨᠢᠭᠡᠴᠡ ᠶᠢ ᠬᠡᠷᠡᠭᠯᠡᠵᠦ ᠪᠠᠶᠢᠭ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠥᠪᠡᠷ ᠢ ᠪᠠᠨ ᠪᠠᠶᠢᠴᠠᠭᠠᠬᠤ ᠠᠵᠢᠯ ᠥᠷᠨᠢᠭᠦᠯᠬᠦ ᠶᠢ ᠱᠠᠭᠠᠷᠳᠠᠭᠰᠠᠨ ᠪᠥᠭᠡᠳ ᠬᠠᠮᠠᠭᠠᠯᠠᠬᠤ ᠨᠢᠭᠡᠴᠡ ᠶᠢ ᠰᠢᠮᠳᠠᠭᠤᠯᠵᠤ ᠴᠠᠬᠢᠯᠭᠠᠨ ᠱᠠᠲᠤ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ ᠠᠵᠢᠯ ᠢ ᠴᠢᠩᠭᠠᠳᠬᠠᠵᠤ᠂ ᠰᠢᠯᠭᠠᠭᠤᠯᠤᠭᠴᠢ ᠶᠢᠨ ᠬᠤᠨᠣᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠪᠠ᠃           ᠰᠠᠶᠢᠬᠠᠨ ᠲᠣᠭᠤᠷᠢᠭ  ᠶᠡᠭᠡ  ᠳᠡᠭᠡᠳᠦ  ᠰᠤᠷᠭᠠᠭᠤᠯᠢ ᠳᠤ  ᠰᠣᠷᠣᠭᠴᠢ ᠡᠯᠰᠡᠬᠦ  ᠨᠢᠭᠡᠳᠦᠯᠲᠡᠢ  ᠰᠢᠯᠭᠠᠯᠲᠠ ᠶᠢᠨ  ᠬᠤᠭᠤᠴᠠᠭᠠᠨ ᠳᠠᠬᠢ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ  ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ  ᠪᠠ  ᠣᠨᠴᠠ  ᠲᠥᠷᠥᠯ ᠤᠨ ᠲᠣᠨᠤᠭ ᠲᠥᠬᠦᠭᠡᠷᠦᠮᠵᠢ ᠶᠢᠨ  ᠠᠮᠤᠷ ᠲᠦᠪᠰᠢᠨ ᠤ  ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠥᠷᠭᠡᠨ  ᠣᠯᠠᠨ  ᠰᠢᠯᠭᠠᠭᠤᠯᠤᠭᠴᠢ  ᠳᠤ  ᠠᠮᠤᠷ ᠲᠦᠪᠰᠢᠨ᠂ ᠡᠮᠬᠢ ᠵᠢᠷᠤᠮ ᠲᠠᠢ᠂  ᠡᠶ᠎ᠡ ᠵᠣᠬᠢᠴᠠᠯ ᠲᠠᠢ  ᠰᠢᠯᠭᠠᠯᠲᠠ ᠶᠢᠨ  ᠣᠷᠴᠢᠨ ᠲᠣᠭᠤᠷᠢᠨ ᠢ ᠪᠣᠶ  ᠪᠣᠯᠭᠠᠨ᠎ᠠ᠃                                                    ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号