ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠵᠢᠷᠭᠤᠭᠠᠨ ᠨᠡᠶᠢᠲᠡᠯᠢᠭ ᠶᠠᠯᠠᠲᠤ ᠬᠡᠷᠡᠭ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠮᠢ ᠠᠬᠤᠢ ᠣᠷᠴᠢᠨ ᠲᠣᠭᠤᠷᠢᠨ ᠤ ᠡᠬᠢ ᠪᠠᠶᠠᠯᠢᠭ ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠶᠢᠨ ᠵᠢᠷᠭᠤᠭᠠᠨ ᠨᠡᠶᠢᠲᠡᠯᠢᠭ ᠵᠢᠱᠢᠶ᠎ᠡ ᠶᠢ ᠵᠠᠷᠯᠠᠨ ᠮᠡᠳᠡᠭᠳᠡᠪᠡ᠃      ᠨᠢᠭᠡ᠂ ᠪᠤᠭᠤᠲᠤ ᠬᠤᠲᠠ ᠶᠢᠨ ᠸᠠᠩ ᠣᠪᠣᠭᠲᠤ ᠵᠡᠷᠭᠡ ᠬᠥᠮᠥᠰ ᠤᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ      2021 ᠣᠨ ᠤ 11 ᠰᠠᠷ᠎ᠠ ᠠᠴᠠ 2023 ᠣᠨ ᠤ 4 ᠰᠠᠷ᠎ᠠ ᠪᠤᠯᠲᠠᠯ᠎ᠠ᠂ ᠨᠢᠭᠡᠨ ᠢᠯᠴᠢ ᠴᠠᠭᠢᠯᠭᠠᠨ ᠤ ᠦᠢᠯᠡᠳᠪᠦᠷᠢ ᠶᠢᠨ ᠲᠣᠨᠤᠭ ᠲᠥᠬᠦᠭᠡᠷᠦᠮᠵᠢ ᠶᠢᠨ ᠡᠵᠡᠩᠨᠡᠯᠲᠡ ᠶᠢ ᠬᠠᠷᠢᠭᠤᠴᠠᠵᠤ ᠪᠠᠶᠢᠭ᠎ᠠ ᠠᠵᠢᠯᠲᠠᠨ ᠸᠠᠩ ᠣᠪᠣᠭᠲᠤ ᠲᠣᠨᠤᠭ ᠲᠥᠬᠦᠭᠡᠷᠦᠮᠵᠢ ᠶᠢ ᠠᠵᠢᠯᠯᠠᠭᠤᠯᠵᠤ ᠬᠠᠮᠠᠭᠠᠯᠠᠬᠤ ᠶᠢ ᠬᠠᠷᠢᠭᠤᠴᠠᠵᠤ ᠪᠠᠶᠢᠭ᠎ᠠ ᠭᠤᠷᠪᠠᠳᠠᠭᠢ ᠡᠲᠡᠭᠡᠳ ᠤᠨ ᠺᠤᠮᠫᠠᠨᠢ ᠶᠢᠨ ᠮᠡᠷᠭᠡᠵᠢᠯᠲᠡᠨ ᠴᠠᠩ ᠣᠪᠣᠭᠲᠤ ᠲᠠᠢ ᠬᠠᠮᠲᠤᠷᠠᠨ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠶᠢ ᠭᠠᠷ ᠢᠶᠠᠷ ᠲᠣᠭᠲᠠᠮᠠᠯ ᠲᠤᠭ᠎ᠠ ᠲᠣᠬᠢᠷᠠᠭᠤᠯᠵᠤ᠂ ᠠᠦ᠋ᠲ᠋ᠣ᠋ ᠪᠠᠶᠢᠴᠠᠭᠠᠨ ᠬᠡᠮᠵᠢᠬᠦ ᠮᠠᠰᠢᠨ ᠤ ᠲᠤᠭ᠎ᠠ ᠪᠠᠷᠢᠮᠲᠠ ᠶᠢ ᠥᠭᠡᠷᠡᠲᠦᠭᠦᠯᠵᠦ᠂ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ ᠵᠡᠷᠭᠡ ᠪᠣᠬᠢᠷᠳᠤᠯ ᠪᠣᠳᠠᠰ ᠢ ᠭᠠᠳᠠᠭᠰᠢᠯᠠᠭᠤᠯᠤᠭᠰᠠᠨ ᠪᠠᠶᠢᠨ᠎ᠠ᠃ 2023 ᠣᠨ ᠤ 4 ᠰᠠᠷ᠎ᠠ ᠳᠤ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠲᠡᠨ ᠸᠠᠩ ᠣᠪᠣᠭᠲᠤ ᠪᠣᠯᠣᠨ ᠴᠠᠩ ᠣᠪᠣᠭᠲᠤ ᠶᠢ ᠪᠠᠷᠢᠪᠴᠢᠯᠠᠪᠠ᠃      ᠬᠤᠶᠠᠷ᠂ ᠠᠯᠠᠱᠠ ᠪᠠᠷᠠᠭᠤᠨ ᠬᠤᠰᠢᠭᠤᠨ ᠤ ᠨᠢᠭᠡᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ      ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠨᠢᠭᠡᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠦᠢᠯᠡᠳᠪᠦᠷᠢᠯᠡᠭᠰᠡᠨ ᠤ ᠳᠠᠷᠠᠭᠠᠬᠢ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠪᠠᠨ ᠦᠢᠯᠡᠳᠪᠦᠷᠢ ᠶᠢᠨ ᠲᠣᠭᠤᠷᠢᠭ ᠤᠨ ᠭᠠᠳᠠᠨ᠎ᠠ ᠪᠠ ᠬᠤᠪᠢ ᠪᠠᠷ ᠢᠶᠠᠨ ᠪᠠᠶᠢᠭᠤᠯᠤᠭᠰᠠᠨ ᠳᠠᠯᠳᠠ ᠬᠤᠳᠳᠤᠭ ᠲᠤ ᠭᠠᠳᠠᠭᠰᠢᠯᠠᠭᠤᠯᠵᠠᠢ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠪᠠᠶᠢᠴᠠᠭᠠᠨ ᠬᠡᠮᠵᠢᠭᠰᠡᠨ ᠢᠶᠠᠷ᠂ ᠬᠠᠤᠯᠢ ᠪᠤᠰᠤ ᠪᠠᠷ ᠭᠠᠳᠠᠭᠰᠢᠯᠠᠭᠤᠯᠤᠭᠰᠠᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠨᠢ ᠠᠶᠤᠯᠲᠠᠢ ᠬᠠᠶᠠᠭᠳᠠᠮᠠᠯ ᠪᠣᠳᠠᠰ ᠪᠣᠯᠣᠨ᠎ᠠ᠃ 2023 ᠣᠨ ᠤ 5 ᠰᠠᠷ᠎ᠠ ᠳᠤ᠂ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ 6 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠪᠠ᠃      ᠭᠤᠷᠪᠠ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠦ᠋ ᠣᠪᠣᠭᠲᠤ ᠬᠠᠤᠯᠢ ᠪᠤᠰᠤ ᠪᠠᠷ ᠭᠤᠣᠯ ᠤᠨ ᠡᠯᠡᠰᠦ ᠮᠠᠯᠲᠠᠭᠰᠠᠨ ᠬᠡᠷᠡᠭ      2020 ᠣᠨ ᠠᠴᠠ 2021 ᠣᠨ ᠪᠤᠯᠲᠠᠯ᠎ᠠ᠂ ᠦ᠋ ᠣᠪᠣᠭᠲᠤ ᠵᠠᠯᠠᠶᠢᠳ ᠬᠤᠰᠢᠭᠤᠨ ᠤ ᠴᠤᠭᠤᠷ ᠭᠤᠣᠯ ᠤᠨ ᠵᠠᠮ ᠤᠨ ᠬᠡᠪᠴᠢᠶᠡᠨ ᠳᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠠᠴᠠ ᠳᠠᠪᠠᠵᠤ 14.5 ᠲᠦᠮᠡ ᠭᠠᠷᠤᠢ ᠪᠣᠰᠤᠭ᠎ᠠ ᠳᠥᠷᠪᠡᠯᠵᠢᠨ ᠮᠧᠲᠷ ᠬᠠᠶᠢᠷ ᠴᠢᠯᠠᠭᠤ ᠶᠢ ᠬᠠᠤᠯᠢ ᠪᠤᠰᠤ ᠪᠠᠷ ᠨᠡᠭᠡᠭᠡᠨ ᠮᠠᠯᠲᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 510 ᠭᠠᠷᠤᠢ ᠲᠦᠮᠡᠨ ᠲᠥᠭᠦᠷᠢᠭ ᠲᠤ ᠬᠦᠷᠴᠡᠢ᠃ 2023 ᠣᠨ ᠤ 1 ᠰᠠᠷ᠎ᠠ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠲᠡᠨ ᠦ᠋ ᠣᠪᠣᠭᠲᠤ ᠶᠢ ᠪᠠᠷᠢᠪᠴᠢᠯᠠᠵᠤ᠂ 3.8 ᠲᠦᠮᠡ ᠭᠠᠷᠤᠢ ᠪᠣᠰᠤᠭ᠎ᠠ ᠳᠥᠷᠪᠡᠯᠵᠢᠨ ᠮᠧᠲᠷ ᠭᠤᠣᠯ ᠤᠨ ᠬᠠᠶᠢᠷ ᠢ ᠪᠠᠶᠢᠴᠠᠭᠠᠨ ᠢᠯᠡᠷᠡᠭᠦᠯᠪᠡ᠃      ᠳᠥᠷᠪᠡ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠢᠦᠢ ᠣᠪᠣᠭᠲᠤ ᠵᠡᠷᠭᠡ ᠬᠥᠮᠥᠰ ᠬᠠᠤᠯᠢ ᠪᠤᠰᠤ ᠪᠠᠷ ᠬᠠᠷ᠎ᠠ ᠬᠥᠷᠥᠰᠥ ᠮᠠᠯᠲᠠᠭᠰᠠᠨ ᠬᠡᠷᠡᠭ      2021 ᠣᠨ ᠤ 12 ᠰᠠᠷ᠎ᠠ ᠠᠴᠠ 2023 ᠣᠨ ᠤ 3 ᠰᠠᠷ᠎ᠠ ᠪᠤᠯᠲᠠᠯ᠎ᠠ᠂ ᠢᠦᠢ ᠣᠪᠣᠭᠲᠤ ᠵᠡᠷᠭᠡ ᠬᠥᠮᠥᠰ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠶᠢᠳᠠᠯ ᠳᠣᠣᠷ᠎ᠠ᠂ ᠲᠠᠷᠢᠶᠠᠨ ᠭᠠᠵᠠᠷ ᠲᠤ ᠬᠠᠤᠯᠢ ᠪᠤᠰᠤ ᠪᠠᠷ ᠬᠠᠷ᠎ᠠ ᠬᠥᠷᠥᠰᠥ ᠶᠢ ᠮᠠᠯᠲᠠᠵᠤ᠂ ᠦᠨᠳᠦᠰᠦᠨ ᠲᠠᠷᠢᠶᠠᠨ ᠭᠠᠵᠠᠷ ᠢ 38.53 ᠮᠦ ᠡᠪᠳᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 128 ᠲᠦᠮᠡᠨ ᠲᠥᠭᠦᠷᠢᠭ ᠲᠤ ᠬᠦᠷᠴᠡᠢ᠃ 2023 ᠣᠨ ᠤ 3 ᠰᠠᠷ᠎ᠠ ᠳᠤ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠢ 4 ᠬᠥᠮᠥᠨ ᠢ ᠪᠠᠷᠢᠪᠴᠢᠯᠠᠵᠤ᠂ 1.28 ᠲᠦᠮᠡᠨ ᠪᠣᠰᠤᠭ᠎ᠠ ᠳᠥᠷᠪᠡᠯᠵᠢᠨ ᠮᠧᠲᠷ ᠬᠠᠷ᠎ᠠ ᠬᠥᠷᠥᠰᠥ ᠶᠢ ᠪᠠᠶᠢᠴᠠᠭᠠᠨ ᠭᠠᠷᠭᠠᠪᠠ᠃      ᠲᠠᠪᠤ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠲᠦᠩ ᠣᠪᠣᠭᠲᠤ ᠬᠠᠤᠯᠢ ᠪᠤᠰᠤ ᠪᠠᠷ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠭᠠᠯᠪᠤᠷᠢᠯᠠᠭᠰᠠᠨ ᠬᠡᠷᠡᠭ      ᠲᠦᠩ ᠣᠪᠣᠭᠲᠤ ᠳᠠᠭᠠᠭᠠᠴᠢᠯᠠᠭᠰᠠᠨ ᠭᠠᠵᠠᠷ ᠰᠢᠷᠣᠢ ᠳᠠᠭᠠᠨ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠪᠥᠭᠡᠳ ᠪᠤᠰᠤᠳ ᠬᠥᠮᠥᠨ ᠳᠤ ᠰᠢᠯᠵᠢᠭᠦᠯᠦᠨ ᠳᠠᠭᠠᠭᠠᠴᠢᠯᠠᠭᠤᠯᠵᠤ ᠲᠠᠷᠢᠮᠠᠯ ᠲᠠᠷᠢᠭᠤᠯᠤᠭᠠᠳ ᠨᠤᠲᠤᠭ ᠪᠡᠯᠴᠢᠭᠡᠷ᠂ ᠣᠶᠢᠲᠤ ᠭᠠᠵᠠᠷ ᠤᠨ ᠤᠤᠯ ᠤᠨ ᠤᠷᠭᠤᠮᠠᠯ ᠤᠨ ᠬᠤᠴᠢᠯᠭ᠎ᠠ ᠶᠢ ᠡᠪᠳᠡᠵᠦ᠂ ᠡᠪᠳᠡᠭᠰᠡᠨ ᠨᠤᠲᠤᠭ ᠪᠡᠯᠴᠢᠭᠡᠷ᠂ ᠣᠶᠢᠲᠤ ᠭᠠᠵᠠᠷ ᠨᠢ 1661.265 ᠮᠦ ᠲᠤ ᠬᠦᠷᠴᠡᠢ᠃ 2023 ᠣᠨ ᠤ 7 ᠰᠠᠷ᠎ᠠ ᠳᠤ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠬᠡᠷᠡᠭ ᠢ ᠳᠡᠩᠨᠡᠨ ᠢᠯᠡᠷᠡᠭᠦᠯᠵᠦ᠂ ᠲᠦᠩ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠠᠴᠠ ᠪᠣᠯᠵᠤ 2 ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠢᠳᠬᠡᠭᠳᠡᠵᠦ᠂ 3 ᠵᠢᠯ ᠬᠤᠶᠢᠰᠢᠯᠠᠭᠤᠯᠤᠨ 2 ᠲᠦᠮᠡᠨ ᠲᠥᠭᠦᠷᠢᠭ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ᠂ ᠬᠠᠤᠯᠢ ᠶᠢ ᠵᠥᠷᠢᠴᠡᠵᠦ ᠣᠯᠣᠭᠰᠠᠨ 139.4 ᠲᠦᠮᠡᠨ ᠲᠥᠭᠦᠷᠢᠭ ᠢ ᠨᠡᠬᠡᠮᠵᠢᠯᠡᠨ ᠲᠤᠰᠢᠶᠠᠯᠭᠠᠪᠠ᠃      ᠵᠢᠷᠭᠤᠭ᠎ᠠ᠂ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠰᠧ ᠣᠪᠣᠭᠲᠤ ᠮᠥᠬᠦᠬᠦ ᠰᠢᠬᠠᠭᠰᠠᠨ ᠬᠤᠪᠣᠷ ᠨᠠᠨᠳᠢᠨ ᠵᠡᠷᠯᠢᠭ ᠲᠤᠷᠤᠭ ᠪᠤᠭᠤ ᠶᠢᠨ ᠡᠪᠡᠷ ᠢ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠬᠡᠷᠡᠭ      2023 ᠣᠨ ᠤ 5 ᠰᠠᠷ᠎ᠠ ᠳᠤ᠂ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠥᠬᠦᠬᠦ ᠰᠢᠬᠠᠭᠰᠠᠨ ᠬᠤᠪᠣᠷ ᠨᠠᠨᠳᠢᠨ ᠬᠡᠭᠡᠷ᠎ᠡ ᠶᠢᠨ ᠲᠤᠷᠤᠭ ᠪᠤᠭᠤ ᠶᠢᠨ ᠡᠪᠡᠷ ᠢ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠬᠡᠷᠡᠭ ᠢ ᠳᠡᠩᠨᠡᠨ ᠢᠯᠡᠷᠡᠭᠦᠯᠪᠡ᠃ ᠪᠠᠶᠢᠴᠠᠭᠠᠭᠰᠠᠨ ᠢᠶᠠᠷ᠂ ᠶᠠᠯ᠎ᠠ ᠬᠢᠭᠰᠡᠨ ᠰᠡᠵᠢᠭᠲᠡᠨ ᠰᠧ ᠣᠪᠣᠭᠲᠤ ᠵᠠᠷᠤᠳ ᠬᠤᠰᠢᠭᠤᠨ ᠤ ᠲᠡᠭᠡ ᠶᠢᠨ ᠬᠠᠨ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠡᠷᠭᠢᠨ ᠲᠣᠭᠤᠷᠢᠨ ᠠᠴᠠ ᠬᠡᠭᠡᠷ᠎ᠡ ᠶᠢᠨ ᠲᠤᠷᠤᠭ ᠪᠤᠭᠤ ᠶᠢᠨ ᠡᠪᠡᠷ ᠢ ᠬᠤᠳᠠᠯᠳᠤᠨ ᠠᠪᠴᠤ ᠭᠠᠳᠠᠭᠰᠢ ᠪᠣᠷᠣᠯᠠᠭᠤᠯᠬᠤ ᠪᠠᠷ ᠪᠡᠯᠡᠳᠬᠡᠵᠦ᠂ ᠰᠡᠭᠦᠯᠡᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠡᠭᠦᠨ ᠤ ᠬᠤᠳᠠᠯᠳᠤᠨ ᠠᠪᠤᠭᠰᠠᠨ᠂ ᠲᠡᠭᠡᠭᠡᠪᠦᠷᠢᠯᠡᠭᠰᠡᠨ ᠵᠡᠷᠯᠢᠭ ᠲᠤᠷᠤᠭ ᠪᠤᠭᠤ ᠶᠢᠨ ᠡᠪᠡᠷ 612᠂ ᠬᠦᠨᠳᠦᠴᠡ ᠨᠢ 1900 ᠭᠠᠷᠤᠢ ᠵᠢᠩ ᠪᠠᠶᠢᠬᠤ ᠶᠢ ᠪᠠᠶᠢᠴᠠᠭᠠᠨ ᠣᠯᠵᠠᠢ᠃ ᠰᠧ ᠣᠪᠣᠭᠲᠤ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠬᠢᠭᠰᠡᠨ ᠠᠴᠠ ᠪᠣᠯᠵᠤ 1 ᠵᠢᠯ ᠤᠨ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠡᠷᠡᠭᠦᠦ ᠰᠢᠢᠳᠬᠡᠯ ᠢ 1 ᠵᠢᠯ ᠬᠤᠶᠢᠰᠢᠯᠠᠭᠤᠯᠬᠤ ᠶᠢᠨ ᠬᠠᠮᠲᠤ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠪᠡ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号