ᠰᠠᠶᠢᠬᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/6/12
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠷᠠᠳ ᠤᠨ ᠰᠥᠨᠢ ᠶᠢᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠰᠢᠷᠭᠠᠭᠤ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠦᠨᠳᠦᠳᠬᠡᠯ ᠪᠠ ᠬᠠᠯᠠᠮᠵᠢᠯᠠᠯ ᠢ ᠳᠡᠪᠰᠢᠭᠦᠯᠵᠦ᠂ 6 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠫᠧᠩ ᠰᠢᠨ ·  ᠶᠢᠨ ᠶᠢᠦ ᠴᠧᠩ ᠳᠤ ᠶᠠᠪᠤᠭᠳᠠᠪᠠ᠃            ᠲᠤᠬᠠᠢ ᠶᠢᠨ ᠲᠠᠯᠠᠪᠠᠢ ᠳᠤ  ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠦᠨᠢᠶᠡᠨ ᠰᠦ ᠪᠠ ᠬᠤᠪᠴᠠᠰᠤ  ᠤᠬᠢᠶᠠᠬᠤ ᠰᠢᠩᠭᠡᠨ ᠵᠡᠷᠭᠡ ᠲᠣᠬᠤᠨᠢᠭᠤᠯᠬᠤ ᠡᠳ᠋ ᠢ ᠣᠷᠴᠢᠨ ᠲᠣᠭᠤᠷᠢᠨ ᠤ ᠠᠷᠢᠭᠤᠨ ᠴᠡᠪᠡᠷ  ᠤᠨ ᠠᠵᠢᠯᠴᠢᠳ ᠤᠨ ᠭᠠᠷ ᠲᠤ  ᠬᠦᠷᠭᠡᠭᠰᠡᠨ ᠪᠥᠭᠡᠳ ᠤᠷᠲᠤ ᠬᠤᠭᠤᠴᠠᠭᠠᠨ ᠤ ᠲᠣᠷᠰᠢ ᠠᠷᠢᠭᠤᠨ ᠴᠡᠪᠡᠷ ᠬᠤᠪᠢ ᠨᠡᠮᠡᠷᠢ ᠦᠵᠡᠭᠦᠯᠦᠭᠰᠡᠨ ᠰᠠᠶᠢᠬᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ  ᠤᠨ ᠠᠵᠢᠯᠴᠢᠳ ᠲᠤ ᠴᠢᠩ ᠰᠡᠳᠬᠢᠯ  ᠤᠨ ᠬᠦᠨᠳᠦᠳᠬᠡᠯ ᠪᠠ ᠲᠠᠯᠠᠷᠬᠠᠯ ᠢᠶᠠᠨ  ᠳᠡᠪᠰᠢᠭᠦᠯᠪᠡ᠃ ᠡᠳᠦᠷ ᠲᠤ ᠰᠢᠷᠭᠠᠭᠤ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠴᠢᠷᠠᠢ ᠳᠤ ᠪᠣᠷᠣᠭᠵᠢᠭᠤᠨ ᠪᠥᠭᠡᠳ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃
     ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠤᠨ ︽ᠰᠥᠨᠢ ᠶᠢᠨ ᠠᠵᠤ ᠠᠬᠤᠢ︾  ᠡᠯ᠎ᠡ ᠲᠥᠷᠥᠯ ᠤᠨ ᠣᠨᠴᠠᠯᠢᠭᠲᠤ ᠠᠮᠲᠠᠲᠤ ᠢᠳᠡᠭᠡᠨ᠂ ᠪᠦᠲᠦᠭᠡᠯᠴᠢ ᠭᠠᠷ ᠤᠷᠠᠯᠠᠯ ᠤᠨ ᠪᠦᠲᠦᠭᠡᠭᠳᠡᠬᠦᠨ ᠵᠢᠴᠢ ᠬᠠᠷᠢᠯᠴᠠᠨ ᠦᠢᠯᠡᠳᠦᠯᠴᠡᠵᠦ ᠵᠤᠭ᠎ᠠ ᠴᠡᠩᠭᠡᠯ ᠤᠨ ᠲᠥᠷᠥᠯ ᠵᠦᠢᠯ ᠢ ᠴᠤᠭᠯᠠᠭᠤᠯᠵᠤ᠂ ᠬᠤᠲᠠ ᠶᠢᠨ ᠠᠷᠠᠳ ᠵᠢᠴᠢ ᠵᠢᠭᠤᠯᠴᠢᠯᠠᠭᠴᠢᠳ ᠲᠤ ᠰᠡᠯᠡᠭᠦᠴᠡᠬᠦ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ ᠠᠪᠬᠤ ᠶᠢ ᠨᠢᠭᠡ ᠴᠣᠭᠴᠠᠵᠢᠭᠤᠯᠤᠭᠰᠠᠨ ᠣᠯᠠᠨ ᠡᠰᠢᠵᠢᠭᠰᠡᠨ ᠰᠥᠨᠢ ᠶᠢᠨ ᠬᠡᠷᠡᠭᠯᠡᠭᠡᠨ ᠤ ᠠᠬᠤᠢ ᠪᠠᠶᠢᠳᠠᠯ ᠢ ᠬᠠᠩᠭᠠᠵᠤ᠂ ᠬᠤᠲᠠ ᠶᠢᠨ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠤᠲᠠ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃  ᠰᠡᠭᠦᠯ ᠳᠤ᠂ ᠰᠠᠶᠢᠬᠠᠨ ᠲᠣᠭᠤᠷᠢᠭ ᠨᠡᠩ ᠤᠯᠠᠨ ᠰᠣᠨᠢᠷᠬᠠᠯᠲᠠᠢ᠂ ᠣᠨᠴᠠᠯᠢᠭ ᠲᠠᠢ ᠡᠯᠧᠮᠧᠨ᠋ᠲ ᠢ ᠦᠷᠭᠦᠯᠵᠢᠯᠡᠨ ᠣᠷᠣᠭᠤᠯᠵᠤ᠂ ᠡᠯ᠎ᠡ ᠲᠦᠷᠦᠯ ᠤᠨ ᠭᠤᠣᠯ ᠰᠡᠳᠦᠪᠲᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠵᠦ᠂ ᠬᠤᠳᠠ ᠶᠢᠨ ᠠᠷᠠᠳ ᠪᠣᠯᠣᠨ ᠵᠤᠭᠠᠴᠠᠭᠰᠠᠳ ᠲᠤ ᠪᠠᠶᠠᠯᠢᠭ ᠰᠠᠶᠢᠬᠠᠨ ᠰᠥᠨᠢ ᠶᠢᠨ ᠠᠮᠢᠳᠤᠷᠠᠯ ᠤᠨ ᠣᠶᠢᠯᠠᠭᠠᠯᠲᠠ ᠶᠢ ᠠᠪᠴᠢᠷᠠᠵᠦ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠠᠶᠢᠭᠤᠯᠬᠤ ᠳᠤ ᠬᠠᠮᠲᠤᠪᠠᠷ ᠬᠦᠴᠦ ᠨᠡᠮᠡᠷᠢᠯᠡᠵᠦ᠂ ᠰᠠᠶᠢᠬᠠᠨ ᠲᠣᠭᠤᠷᠢᠭ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号