ᠰᠠᠶᠢᠬᠠᠨ ᠲᠣᠭᠤᠷᠢᠭ᠄ ᠠᠵᠤ ᠠᠬᠤᠶᠢᠯᠠᠯ ᠲᠣᠭᠲᠠᠭᠠᠯ ᠳᠤ ᠨᠡᠶᠢᠴᠡᠭᠦᠯᠦᠨ ᠢᠯᠡ ᠪᠠᠷ ᠭᠡᠷᠡᠴᠢᠯᠡᠭᠡ ᠰᠣᠨᠣᠰᠴᠤ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ  ᠬᠠᠮᠠᠭᠠᠯᠠᠨ᠎ᠠ
ᠨᠡᠶᠢᠲᠡᠯᠡᠭᠰᠡᠨ ᠴᠠᠭ᠄
2024/6/12
       ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︽ᠠᠵᠤ ᠠᠬᠤᠶᠢᠯᠠᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠵᠤ ᠠᠬᠤᠶᠢᠯᠠᠯ ᠤᠨ ᠬᠠᠤᠯᠢᠵᠢᠯ ᠤᠨ ᠵᠠᠮ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠠᠬᠢᠭᠤᠯᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠪᠡ᠃          ᠣᠶᠢᠷ᠎ᠠ ᠳᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠶᠠᠯ᠎ᠠ ᠬᠢᠭᠰᠡᠨ ᠬᠤᠶᠠᠷ ᠰᠡᠵᠢᠭᠲᠡᠨ ᠤ ᠬᠠᠭᠤᠷᠮᠠᠭ ᠪᠠᠷᠢᠮᠲᠠ ᠶᠢᠨ ᠨᠢᠭᠡ ᠬᠡᠷᠡᠭ ᠤᠨ ᠲᠤᠬᠠᠢ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ ᠵᠢᠴᠢ ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ  ᠵᠢᠰᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠢ ᠤᠷᠢᠵᠤ ᠭᠡᠷᠡᠴᠢᠯᠡᠭᠡ ᠰᠣᠨᠣᠰᠬᠤ ᠳᠤ ᠣᠷᠣᠯᠴᠠᠭᠤᠯᠤᠨ᠎ᠠ᠃        ᠬᠤᠷᠠᠯ ᠳᠡᠭᠡᠷ᠎ᠡ᠂ ᠪᠠᠶᠢᠴᠠᠭᠠᠬᠤ ᠲᠤᠰᠢᠶᠠᠯᠲᠠᠨ ᠬᠡᠷᠡᠭ ᠶᠠᠪᠤᠳᠠᠯ ᠤᠨ ᠪᠣᠳᠠᠲᠤ ᠶᠠᠪᠤᠳᠠᠯ᠂ ᠬᠠᠤᠯᠢ ᠴᠠᠭᠠᠵᠠ ᠶᠢᠨ ᠬᠡᠷᠡᠭᠯᠡᠯᠲᠡ ᠵᠢᠴᠢ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠶᠠᠪᠤᠴᠠ ᠶᠢᠨ ᠲᠤᠬᠠᠢ ᠨᠠᠷᠢᠨ ᠲᠣᠳᠣᠷᠬᠠᠶᠢᠯᠠᠯᠲᠠ ᠬᠢᠪᠡ᠃ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠬᠤᠶᠢᠰᠢᠳᠠ ᠶᠢᠨ ᠠᠵᠢᠯ ᠤᠨ ᠲᠥᠯᠥᠪᠯᠡᠭᠡ ᠶᠢᠨ ᠲᠤᠬᠠᠢ ᠲᠣᠭᠠᠴᠢᠯᠲᠠ ᠬᠢᠭᠰᠡᠨ ᠪᠥᠭᠡᠳ ᠪᠠᠶᠢᠴᠠᠭᠠᠬᠤ ᠪᠠᠶᠢᠭᠤᠯᠭ᠎ᠠ ᠶᠢᠨ  ᠴᠡᠭᠴᠡᠯᠡᠨ ᠰᠠᠶᠢᠵᠢᠷᠠᠭᠤᠯᠬᠤ ᠠᠵᠠ ᠲᠣᠬᠢᠶᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠶᠢᠰᠢᠳᠠ ᠯᠠᠪᠲᠠᠢ ᠴᠡᠭᠡᠷᠯᠡᠯ ᠪᠣᠯᠭᠠᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠤᠯᠢ ᠶᠢ ᠰᠠᠬᠢᠵᠤ ᠲᠣᠭᠲᠠᠭᠠᠯ ᠳᠤ ᠨᠡᠶᠢᠴᠡᠭᠦᠯᠦᠨ ᠡᠵᠡᠩᠨᠡᠨ᠎ᠡ ᠭᠡᠵᠦ ᠠᠮᠠᠯᠳᠠᠪᠠ᠃ ᠭᠤᠷᠪᠠᠳᠠᠭᠢ ᠡᠲᠡᠭᠡᠳ ᠤᠨ ᠦᠨᠡᠯᠡᠨ ᠵᠢᠰᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠨᠠᠷ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠨᠢᠭᠡᠨᠲᠡ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠰᠢᠨᠵᠢᠯᠡᠨ ᠪᠠᠶᠢᠴᠠᠭᠠᠵᠤ ᠦᠨᠡᠯᠡᠨ ᠵᠢᠰᠢᠬᠦ ᠠᠵᠢᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠳ᠋ᠦᠩᠨᠡᠯᠲᠡ ᠶᠢᠨ ᠲᠤᠬᠠᠢ ᠲᠣᠳᠣᠷᠬᠠᠶᠢᠯᠠᠯᠲᠠ ᠬᠢᠵᠦ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠣᠷᠳᠣ ᠬᠤᠭᠤᠴᠠᠭᠠᠨ ᠤ ᠡᠵᠡᠩᠨᠡᠯᠲᠡ ᠳᠤ ᠬᠡᠷᠡᠭᠯᠡᠬᠦ ᠶᠢ ᠱᠠᠭᠠᠷᠳᠠᠵᠤ᠂ ᠠᠵᠤ ᠠᠬᠤᠶᠢᠯᠠᠯ ᠢ ᠯᠠᠪᠳᠠᠭᠤᠨ ᠢᠶᠠᠷ ᠬᠤᠯᠠ ᠠᠶᠠᠯᠠᠭᠤᠯᠬᠤ ᠶᠢ ᠱᠠᠭᠠᠷᠳᠠᠪᠠ᠃ ᠭᠡᠷᠡᠴᠢᠯᠡᠭᠴᠢ ᠬᠡᠷᠡᠭ ᠤᠨ ᠪᠣᠳᠠᠲᠤ ᠬᠡᠷᠡᠭ ᠵᠢᠴᠢ ᠭᠡᠷᠡᠴᠢ ᠪᠠᠷᠢᠮᠲᠠ ᠶᠢ ᠦᠨᠳᠦᠰᠦᠯᠡᠨ᠂ ᠠᠵᠤ ᠠᠬᠤᠶᠢᠯᠠᠯ ᠤᠨ ᠶᠠᠯ᠎ᠠ ᠬᠢᠭᠰᠡᠨ ᠦᠢᠯᠡ ᠪᠠᠶᠢᠳᠠᠯ᠂ ᠲᠣᠭᠲᠠᠭᠠᠯ ᠳᠤ ᠨᠡᠶᠢᠴᠡᠭᠦᠯᠦᠨ ᠴᠡᠭᠴᠡᠯᠡᠭᠰᠡᠨ ᠨᠢ ᠪᠦᠲᠦᠮᠵᠢᠲᠡᠶ ᠡᠰᠡᠬᠦ ᠵᠡᠷᠭᠡ ᠠᠰᠠᠭᠤᠳᠠᠯ ᠤᠨ ᠲᠣᠭᠤᠷᠢᠨ ᠳᠤ ᠶᠡᠷᠦᠩᠬᠡᠶᠢᠯᠡᠨ ᠦᠨᠡᠯᠡᠨ ᠵᠥᠪᠯᠡᠭᠰᠡᠨ ᠪᠠᠶᠢᠨ᠎ᠠ᠃          ᠭᠡᠷᠡᠴᠢᠯᠡᠭᠴᠢ ᠰᠠᠨᠠᠯ ᠨᠢᠭᠡᠲᠡᠢ ᠦᠵᠡᠭᠰᠡᠨ ᠨᠢ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠪᠠᠶᠢᠴᠠᠭᠠᠬᠤ ᠪᠠᠶᠢᠭᠤᠯᠭ᠎ᠠ ᠪᠠ ᠭᠤᠷᠪᠠᠳᠠᠭᠢ ᠡᠲᠡᠭᠡᠳ ᠤᠨ ᠦᠨᠡᠯᠡᠨ ᠵᠢᠰᠢᠬᠦ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ᠂ ᠵᠢᠯᠣᠭᠤᠳᠤᠯᠭ᠎ᠠ ᠳᠣᠣᠷ᠎ᠠ ᠲᠣᠭᠲᠠᠭᠠᠯ ᠳᠤ ᠨᠡᠶᠢᠴᠡᠭᠦᠯᠦᠨ ᠲᠥᠯᠥᠪᠯᠡᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠨᠢᠭᠡᠨᠲᠡ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠪᠦᠲᠦᠮᠵᠢᠲᠡᠢ ᠲᠥᠯᠥᠪᠯᠡᠭᠡ ᠪᠠᠶᠢᠭᠤᠯᠵᠤ᠂ ᠲᠤᠰ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠳᠤ ᠬᠢᠷᠢ ᠲᠡᠩᠴᠡᠬᠦ ᠶᠢ ᠰᠠᠨᠠᠯ ᠨᠢᠭᠡᠲᠡᠢ ᠵᠥᠪᠰᠢᠶᠡᠷᠡᠬᠦ ᠶᠢᠨ ᠬᠠᠮᠲᠤ ᠲᠡᠭᠦᠨ ᠳᠤ ᠬᠠᠷᠢᠴᠠᠩᠭᠤᠢ ᠪᠠᠷ ᠦᠯᠦ ᠵᠠᠭᠠᠯᠳᠤᠬᠤ ᠲᠣᠭᠲᠠᠭᠠᠯ ᠭᠠᠷᠭᠠᠬᠤ ᠶᠢ ᠵᠥᠪᠰᠢᠶᠡᠷᠡᠪᠡ᠃          ᠬᠠᠮᠤᠭ ᠰᠡᠭᠦᠯ ᠳᠤ᠂ ᠪᠠᠶᠢᠴᠠᠭᠠᠬᠤ ᠠᠵᠢᠯᠲᠠᠨ ᠲᠣᠰ ᠤᠳᠠᠭᠠᠨ ᠤ ᠭᠡᠷᠡᠴᠢᠯᠡᠯᠲᠡ ᠰᠣᠨᠣᠰᠬᠤ ᠬᠤᠷᠠᠯ ᠢ ᠳ᠋ᠦᠩᠨᠡᠬᠦ ᠶᠢᠨ ᠬᠠᠮᠲᠤ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ ᠵᠠᠷᠭᠤ ᠶᠢᠨ ᠢᠷᠡᠯᠲᠡ ᠶᠢᠨ ᠵᠠᠰᠠᠯᠲᠠ ᠶᠢ ᠠᠬᠢᠭᠤᠯᠬᠤ ᠶᠢᠨ ᠢᠯᠡᠷᠡᠯ ᠪᠥᠭᠡᠳ ᠢᠯᠡ ᠪᠠᠷ ᠭᠡᠷᠡᠴᠢᠯᠡᠭᠡ ᠰᠣᠨᠣᠰᠬᠤ ᠪᠠᠷ ᠳᠠᠮᠵᠢᠭᠤᠯᠤᠨ ᠰᠢᠯᠢᠳᠡᠭᠵᠢᠭᠦᠯᠦᠨ ᠪᠣᠳᠠᠲᠠᠶᠢᠵᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠭᠦᠨᠵᠡᠭᠡᠢ ᠰᠢᠯᠢᠳᠡᠭᠵᠢᠭᠦᠯᠬᠦ ᠪᠣᠳᠠᠲᠠᠢ ᠠᠮᠢᠳᠤᠯᠢᠭ ᠦᠢᠯᠡᠳᠦᠯᠭᠡ ᠮᠥᠨ᠂ ᠨᠠᠩ ᠴᠤ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠪᠠᠶᠢᠴᠠᠭᠠᠬᠤ ᠬᠤᠷᠢᠶᠠᠨ ᠤ ᠠᠵᠤ ᠠᠬᠤᠶᠢᠯᠠᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ ᠭᠡᠵᠡᠢ᠃            ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠄ ︽ᠠᠩᠬ᠎ᠠ ᠤᠳᠠᠭ᠎ᠠ ᠡᠶᠢᠮᠦ ᠰᠠᠨᠠᠯ ᠰᠣᠨᠣᠰᠬᠤ ᠬᠤᠷᠠᠯ ᠳᠤ ᠣᠷᠣᠯᠴᠠᠵᠤ᠂ ᠨᠠᠳᠠ ᠳᠤ ᠮᠠᠰᠢ ᠰᠢᠨ᠎ᠡ ᠰᠣᠷᠭᠤᠭ ᠰᠠᠨᠠᠭᠳᠠᠵᠤ ᠪᠠᠶᠢᠨ᠎ᠠ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠥᠪᠡᠷ ᠢ ᠪᠠᠨ ᠰᠢᠨ᠎ᠡ ᠪᠠᠷ ᠰᠣᠯᠢᠬᠤ ᠲᠣᠬᠢᠶᠠᠯ ᠣᠯᠭᠤᠬᠤ ᠶᠢᠨ ᠬᠠᠮᠲᠤ ᠪᠠᠶᠢᠴᠠᠭᠠᠬᠤ ᠪᠠᠶᠢᠭᠤᠯᠭ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠠᠭᠤᠴᠢᠯᠠᠨ ᠬᠠᠶᠢᠷᠠᠯᠠᠵᠤ ᠪᠠᠶᠢᠬᠤ ᠶᠢ ᠣᠯᠵᠤ ᠮᠡᠳᠡᠪᠡ︾ ᠭᠡᠪᠡ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠴᠠ᠄ ︽ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠬᠠᠤᠯᠢ ᠴᠠᠭᠠᠵᠠ ᠳᠤ ᠬᠠᠯᠳᠠᠵᠤ᠂ ᠪᠠᠶᠢᠴᠠᠭᠠᠬᠤ ᠪᠠᠶᠢᠭᠤᠯᠭ᠎ᠠ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠬᠡᠯᠪᠡᠷᠢ ᠪᠠᠷ ᠠᠵᠠ ᠲᠣᠬᠢᠶᠠᠯ ᠢ ᠨᠥᠬᠦᠪᠦᠷᠢᠯᠡᠨ ᠥᠭᠴᠦ᠂ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ᠂ ᠲᠤᠰ ᠤᠳᠠᠭ᠎ᠠ ᠢᠯᠡ ᠪᠠᠷ ᠭᠡᠷᠡᠴᠢᠯᠡᠭᠡ ᠰᠣᠨᠣᠰᠤᠭᠰᠠᠨ ᠨᠢ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ︿ᠬᠠᠯᠠᠭᠤᠨ ᠳᠤᠯᠠᠭᠠᠨ﹀ ᠪᠠ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠬᠠᠤᠯᠢ ᠴᠠᠭᠠᠵᠠ ᠶᠢᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠢᠯᠡ ᠲᠣᠳᠣ ᠶᠢᠨ ᠬᠡᠮᠵᠢᠶ᠎ᠡ ᠪᠠ ᠨᠡᠶᠢᠲᠡ ᠳᠤ ᠢᠲᠡᠭᠡᠭᠦᠯᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ︾᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号