| | ᠡᠯ᠎ᠡ ᠲᠥᠷᠥᠯ ᠵᠦᠢᠯ ᠤᠨ ᠥᠮᠴᠢᠯᠡᠬᠦ ᠡᠷᠬᠡ ᠶᠢᠨ ᠨᠢᠭᠡᠴᠡ᠄ | | ︽ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ | ᠡᠷᠦᠬᠡ ᠬᠤᠪᠢᠶᠠᠨ ᠳᠠᠩᠰᠠᠯᠠᠬᠤ ᠠᠵᠢᠯ ᠢ ᠲᠦᠷᠭᠡᠳᠬᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠨᠥᠬᠦᠪᠦᠷᠢ ᠮᠡᠳᠡᠭᠳᠡᠯ︾﹇2021﹈ 2 ᠳ᠋ᠤᠭᠠᠷ ᠲᠣᠭᠠᠲᠤ ᠪᠢᠴᠢᠭ ᠮᠠᠲ᠋ᠧᠷᠢᠶᠠᠯ ︽ᠭᠡᠷ | ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠶᠢᠨ ᠵᠠᠰᠠᠭ ᠤᠨ ᠣᠷᠳᠣᠨ ᠤ | ᠠᠯᠪᠠᠨ ᠭᠡᠷ ᠤᠨ ᠥᠰᠥᠭ︹ 2020︺ 26 ᠳ᠋ᠤᠭᠠᠷ ᠲᠣᠭᠠᠲᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ | ᠶᠣᠰᠣᠭᠠᠷ᠂ ᠲᠥᠷᠥᠯ ᠵᠦᠢᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠰᠢᠯᠵᠢᠭᠦᠯᠦᠨ ᠳᠠᠩᠰᠠᠯᠠᠬᠤ ᠠᠵᠢᠯ ᠢ | ᠬᠠᠮᠵᠢᠯᠴᠠᠨ ᠭᠦᠢᠴᠡᠳᠬᠡᠬᠦ ᠴᠢᠬᠤᠯᠠᠲᠠᠢ ᠪᠠᠶᠢᠨ᠎ᠠ᠃ | | ᠡᠳᠦᠭᠡ ᠡᠯ᠎ᠡ ᠲᠥᠷᠥᠯ ᠵᠦᠢᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠳᠤ ᠲᠣᠰ ᠠᠯᠪᠠᠨ ᠵᠠᠷ ᠢ | ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠲᠣᠰ ᠬᠤᠷᠢᠶᠠᠯᠠᠯ ᠤᠨ ᠥᠮᠴᠢᠲᠡᠨ ᠳᠤ | ᠰᠢᠯᠵᠢᠭᠦᠯᠦᠨ ᠳᠠᠩᠰᠠᠯᠠᠭᠤᠯᠬᠤ ︵ᠡᠷᠦᠬᠡ ᠰᠠᠯᠭᠠᠬᠤ︶ ᠠᠵᠢᠯ ᠢ ᠭᠦᠢᠴᠡᠳᠬᠡᠬᠦ ᠪᠠᠷ ᠣᠨᠴᠠᠭᠠᠶᠢᠯᠠᠨ ᠮᠡᠳᠡᠭᠳᠡᠪᠡ᠃ | ᠡᠭᠦᠨ ᠤ ᠬᠠᠮᠲᠤ ᠶᠠᠮᠠᠷᠪᠠ ᠬᠡᠯᠪᠡᠷᠢ ᠪᠠᠷ ᠬᠦᠯᠢᠵᠦ ᠪᠠᠶᠢᠭᠠᠳ ᠡᠷᠦᠬᠡ ᠰᠠᠯᠭᠠᠬᠤ ᠥᠮᠴᠢᠯᠡᠬᠦ ᠡᠷᠬᠡ ᠯᠦᠭᠡ ᠬᠠᠮᠢᠶ᠎ᠠ | ᠦᠭᠡᠢ ᠵᠠᠷᠤᠳᠠᠯ ᠬᠤᠷᠢᠶᠠᠵᠤ ᠪᠣᠯᠬᠤ ᠦᠭᠡᠢ᠃ ᠬᠤᠭᠤᠴᠠᠭ᠎ᠠ ᠨᠢ ᠥᠩᠭᠡᠷᠡᠲᠡᠯ᠎ᠡ ᠬᠠᠮᠵᠢᠯᠴᠠᠬᠤ ᠦᠭᠡᠢ ᠪᠣᠯ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠨᠡᠶᠢᠭᠡᠮ ᠲᠣᠭᠤᠷᠢᠭ ᠤᠨ ᠣᠷᠣᠯᠠᠨ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠠᠴᠠ ᠭᠤᠶᠤᠴᠢᠯᠠᠬᠤ ᠭᠤᠣᠯ ᠴᠣᠭᠴᠠ ᠶᠢᠨ ᠬᠤᠪᠢ ᠪᠠᠷ ᠰᠢᠯᠵᠢᠭᠦᠯᠦᠨ ᠳᠠᠩᠰᠠᠯᠠᠬᠤ ᠭᠠᠷᠳᠠᠮ ᠢ | ᠭᠦᠢᠴᠡᠳᠬᠡᠨ᠎ᠡ᠃ | | | ᠣᠨᠴᠠᠭᠠᠶᠢᠯᠠᠨ ᠮᠡᠳᠡᠭᠳᠡᠪᠡ᠃ | | | | ᠳᠠᠭᠠᠯᠳᠤᠭᠤᠯᠤᠯ᠄ | | ᠲᠥᠷᠥᠯ ᠵᠦᠢᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠨᠡᠷᠡᠰ ᠢ ᠬᠠᠮᠵᠢᠯᠴᠠᠨ ᠭᠦᠢᠴᠡᠳᠬᠡᠬᠦ ᠦᠭᠡᠢ | | | ᠳᠠᠭᠠᠯᠳᠤᠭᠤᠯᠤᠯ᠄ | | 5 ᠰᠠᠷ᠎ᠠ ᠳᠤ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠬᠠᠮᠵᠢᠯᠴᠠᠬᠤ ᠦᠭᠡᠢ᠂ xls᠃ | | https://www.saihan.gov. | cn/zwgk_new/zfxxgknew/fdzdgknr/tzgg/202406/t20240613_1724909.html | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |