| | ᠨᠠᠮ ᠤᠨ ᠪᠠᠶᠢᠭᠤᠯᠤᠯᠲᠠ ᠶᠢᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ | ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠨᠡᠶᠢᠭᠡᠮ | ᠲᠣᠭᠤᠷᠢᠭ ᠤᠨ ᠠᠵᠢᠯᠲᠠᠨ ᠤ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ | ᠣᠶᠢᠷ᠎ᠠ ᠳᠤ᠂ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠨᠡᠶᠢᠭᠡᠮ ᠲᠣᠭᠤᠷᠢᠭ ᠤᠨ ᠠᠵᠢᠯᠲᠠᠨ ᠤ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠤᠷᠤᠯᠳᠤᠭᠠᠨ ᠶᠠᠪᠤᠭᠤᠯᠪᠠ᠃ ᠡᠮᠦᠨᠡᠬᠢ ᠬᠤᠭᠤᠴᠠᠭᠠᠨ ᠤ ᠨᠡᠷ᠎ᠡ ᠮᠡᠳᠡᠭᠦᠯᠬᠦ ᠪᠠ ᠬᠢᠷᠢ ᠬᠡᠮ ᠤᠨ | ᠬᠢᠨᠠᠨ ᠪᠠᠶᠢᠴᠠᠭᠠᠯᠲᠠ ᠪᠠᠷ ᠳᠡᠮᠵᠢᠨ᠂ ᠨᠡᠶᠢᠲᠡ 52 ᠨᠡᠷᠡᠰ ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠤ | ᠭᠤᠭᠴᠤᠭ᠎ᠠ ᠳᠤ ᠣᠷᠣᠪᠠ᠃ | | | | | | | ᠲᠠᠪᠴᠠᠩ ᠤᠨ ᠤᠷᠤᠯᠳᠤᠭᠠᠨ ᠳᠤ ᠰᠢᠪᠠᠭ᠎ᠠ ᠰᠤᠭᠤᠯᠬᠤ ᠠᠷᠭ᠎ᠠ ᠮᠠᠶ᠋ᠢᠭ ᠢᠶᠠᠷ ᠲᠠᠮᠢᠷᠴᠢᠨ ᠤ ᠲᠠᠯᠠᠪᠤᠷ ᠲᠤ | ᠭᠠᠷᠬᠤ ᠲᠠᠰ ᠳᠠᠷᠠᠭᠠᠯᠠᠯ ᠢ ᠲᠣᠭᠲᠠᠭᠠᠵᠤ᠂ ᠦᠳᠡ ᠶᠢᠨ ᠡᠮᠦᠨ᠎ᠡ ᠪᠣᠯᠣᠨ ᠦᠳᠡ ᠶᠢᠨ ᠬᠤᠶᠢᠨᠠᠬᠢ ᠬᠤᠶᠠᠷ ᠲᠠᠯᠠᠪᠤᠷ | ᠬᠤᠪᠢᠶᠠᠵᠤ ᠶᠠᠪᠤᠭᠳᠠᠭᠤᠯᠤᠨ᠎ᠠ᠃ ᠤᠷᠤᠯᠳᠤᠭᠠᠨ ᠳᠤ ᠣᠷᠣᠯᠴᠠᠭᠰᠠᠳ PPT ᠶᠢ ᠨᠠᠷᠢᠨ ᠨᠢᠮᠪᠠᠢ ᠪᠡᠯᠡᠳᠬᠡᠵᠦ᠂ | ᠠᠭᠤᠯᠭ᠎ᠠ ᠳᠤ ᠬᠤᠪᠢ ᠬᠥᠮᠥᠨ ᠤ ᠠᠬᠤᠢ ᠪᠠᠶᠢᠳᠠᠯ ᠤᠨ ᠲᠠᠨᠢᠯᠴᠠᠭᠤᠯᠭ᠎ᠠ᠂ ᠬᠤᠲᠠ ᠶᠢᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠦᠵᠡᠯᠲᠡ ᠪᠠ ᠠᠷᠭ᠎ᠠ | ᠪᠣᠳᠣᠯᠭ᠎ᠠ ᠶᠢ ᠬᠠᠮᠤᠷᠴᠠᠢ᠃ ᠲᠡᠳᠡ ᠥᠪᠡᠷ ᠤᠨ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠲᠤᠷᠰᠢᠯᠭ᠎ᠠ ᠲᠠᠢ ᠪᠠᠨ | ᠤᠶᠠᠯᠳᠤᠭᠤᠯᠵᠤ᠂ ᠲᠣᠣᠷᠵᠢᠭᠤᠯᠤᠭᠰᠠᠨ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠰᠠᠭᠤᠭᠠᠯᠢ ᠠᠷᠠᠳ ᠤᠨ ᠥᠪᠡᠷᠲᠡᠭᠡᠨ | ᠵᠠᠰᠠᠬᠤ ᠳᠤ ᠣᠷᠣᠯᠴᠠᠬᠤ᠂ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠤᠯᠠᠨ | ᠲᠠᠯ᠎ᠠ ᠶᠢᠨ ᠦᠢᠯᠡᠳᠦᠯᠭᠡ ᠪᠠ ᠪᠣᠳᠣᠯᠬᠢᠯᠠᠯ ᠢ ᠭᠦᠨᠵᠡᠭᠡᠢ ᠰᠤᠳᠤᠯᠤᠨ ᠶᠠᠷᠢᠯᠴᠠᠪᠠ᠃ ᠣᠷᠣᠯᠴᠠᠭᠴᠢ ᠨᠢᠭᠡᠪᠦᠷᠢ ᠶᠠᠷᠢᠶ᠎ᠠ | ᠢᠯᠡᠳᠬᠡᠯ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤ ᠰᠡᠳᠦᠪ ᠰᠣᠩᠭᠤᠨ ᠬᠠᠷᠢᠭᠤᠯᠲᠠ ᠥᠭᠴᠦ᠂ | ᠲᠡᠳᠡᠨ ᠤ ᠴᠢᠳᠠᠪᠤᠷᠢ ᠪᠠᠨ ᠭᠦᠢᠴᠡᠳ ᠢᠯᠡᠷᠡᠭᠦᠯᠵᠡᠢ᠃ | | ᠤᠷᠤᠯᠳᠤᠭᠠᠨ ᠤ ᠳᠤᠮᠳᠠ᠂ ᠲᠡᠳᠡ ᠨᠡᠶᠢᠭᠡᠮ ᠲᠣᠭᠤᠷᠢᠭ ᠤᠨ ᠵᠠᠯᠠᠭᠤ ᠺᠠᠳ᠋ᠷᠴᠤᠳ ᠤᠨ ᠢᠳᠡᠪᠬᠢᠲᠡᠢ ᠪᠠᠷ | ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠨᠡᠶᠢᠭᠡᠮ | ᠲᠣᠭᠤᠷᠢᠭ ᠤᠨ ᠠᠵᠢᠯ ᠢ ᠬᠠᠶᠢᠷᠠᠯᠠᠬᠤ ᠪᠠ ᠭᠤᠶᠢᠪᠢᠰᠢ ᠦᠭᠡᠢ ᠪᠠᠶᠢᠬᠤ ᠶᠢ ᠴᠤ ᠳᠠᠮᠵᠢᠭᠤᠯᠵᠠᠢ᠃ ᠰᠢᠯᠭᠠᠷᠠᠭᠤᠯᠬᠤ | ᠺᠣᠮᠢᠰ ᠤᠨ ᠭᠡᠰᠢᠭᠦᠳ ᠲᠠᠮᠢᠷᠴᠢᠳ ᠤᠨ ᠬᠡᠮᠵᠢᠭᠦᠷᠯᠢᠭ᠂ ᠦᠭᠡ ᠬᠡᠯᠡᠨ ᠤ ᠢᠯᠡᠳᠬᠡᠯ᠂ ᠠᠭᠤᠯᠭ᠎ᠠ ᠶᠢᠨ ᠪᠦᠷᠢᠨ | ᠪᠦᠲᠦᠨ ᠬᠡᠮᠵᠢᠶ᠎ᠡ᠂ ᠰᠡᠳᠦᠪ ᠬᠠᠷᠢᠭᠤᠯᠬᠤ ᠰᠡᠳᠬᠢᠴᠡ ᠵᠢᠴᠢ ᠴᠠᠭ ᠬᠤᠭᠤᠴᠠᠭᠠᠨ ᠤ ᠡᠵᠡᠮᠳᠡᠯ ᠵᠡᠷᠭᠡ ᠤᠯᠠᠨ | ᠲᠠᠯ᠎ᠠ ᠶᠢ ᠦᠨᠳᠦᠰᠦᠯᠡᠨ ᠶᠡᠷᠦᠩᠬᠡᠶᠢᠯᠡᠨ ᠬᠤᠪᠢ ᠲᠣᠭᠲᠠᠭᠠᠵᠤ᠂ ᠤᠷᠤᠯᠳᠤᠭᠠᠨ ᠤ ᠦᠷ᠎ᠡ ᠳ᠋ᠦᠩ ᠤᠨ ᠲᠥᠪ | ᠭᠤᠣᠯᠴᠢ ᠪᠠ ᠪᠤᠰᠤᠳᠴᠢ ᠴᠢᠨᠠᠷ ᠢ ᠪᠠᠲᠤᠯᠠᠪᠠ᠃ | | ᠲᠣᠰ ᠤᠳᠠᠭᠠᠨ ᠤ ︽ᠵᠡᠪᠰᠡᠭ ᠤᠨ ᠡᠷᠳᠡᠮ ᠤᠨ ᠮᠥᠷᠥᠶᠢᠴᠡᠭᠡᠨ︾ ᠪᠣᠯ ᠨᠡᠶᠢᠭᠡᠮ ᠲᠣᠭᠤᠷᠢᠭ ᠤᠨ ᠠᠵᠢᠯᠲᠠᠨ ᠤ | ᠴᠢᠳᠠᠪᠤᠷᠢ ᠶᠢᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠬᠤ ᠪᠠᠷ ᠪᠠᠷᠠᠬᠤ ᠦᠭᠡᠢ᠂ ᠨᠠᠩ ᠴᠤ ᠲᠡᠳᠡᠨ ᠤ | ᠶᠡᠷᠦᠩᠬᠡᠶᠢᠯᠡᠭᠰᠡᠨ ᠬᠡᠪ ᠴᠢᠨᠠᠷ ᠢ ᠨᠢᠭᠡ ᠤᠳᠠᠭ᠎ᠠ ᠳᠡᠭᠡᠭᠰᠢᠯᠡᠭᠦᠯᠦᠭᠰᠡᠨ ᠶᠠᠪᠤᠳᠠᠯ ᠪᠣᠯᠣᠨ᠎ᠠ᠃ ᠡᠭᠦᠨ ᠤ ᠬᠠᠮᠲᠤ᠂ ᠵᠤᠤ | ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠳᠤ ᠤᠯᠤᠰ ᠲᠦᠷᠦ ᠶᠢᠨ ᠬᠡᠪ ᠴᠢᠨᠠᠷ ᠢᠶᠠᠷ ᠴᠢᠩᠭ᠎ᠠ᠂ ᠲᠤᠭ᠎ᠠ | ᠬᠡᠮᠵᠢᠶ᠎ᠡ ᠪᠠᠷ ᠭᠦᠢᠴᠡᠳ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠵᠤ᠂ ᠰᠢᠨ᠎ᠡ ᠴᠠᠭ ᠦᠶ᠎ᠡ ᠶᠢᠨ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ | ᠪᠣᠯᠣᠨ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠵᠤᠤ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠬᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠲᠤ ᠨᠡᠩ ᠤᠯᠠᠨ ᠰᠤᠷᠤᠯᠴᠠᠨ | ᠰᠣᠯᠢᠯᠴᠠᠬᠤ ᠲᠠᠪᠴᠠᠩ ᠪᠣᠯᠣᠨ ᠠᠵᠠ ᠲᠣᠬᠢᠶᠠᠯ ᠬᠠᠩᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠪᠣᠯᠣᠨ᠎ᠠ᠃ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |