ᠠᠩᠬᠠᠳᠤᠭᠠᠷ ᠬᠤᠭᠤᠴᠠᠭᠠᠨ ᠤ ᠰᠠᠶᠢᠬᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/6/17
     ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠠᠮᠤᠭ ᠤᠨ ᠰᠢᠨ᠎ᠡ ᠬᠠᠨᠳᠤᠰᠢ ᠪᠣᠯᠣᠨ ᠬᠥᠭᠵᠢᠯᠲᠡ ᠶᠢᠨ ᠴᠢᠭᠯᠡᠯ ᠢ ᠡᠵᠡᠮᠳᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠨᠳᠥᠷ ᠲᠦᠪᠰᠢᠨ ᠪᠦᠬᠦᠢ ᠬᠥᠮᠥᠨ ᠬᠥᠮᠥᠵᠢᠭᠦᠯᠬᠦ ᠲᠤᠷᠰᠢᠯᠭ᠎ᠠ ᠪᠠᠨ ᠰᠣᠯᠢᠯᠴᠠᠵᠤ᠂ ᠰᠤᠷᠭᠠᠭᠤᠯᠢ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤᠮᠳᠠᠬᠢ ᠡᠭᠦᠷᠭᠡ ᠬᠠᠷᠢᠭᠤᠴᠠᠯᠭ᠎ᠠ ᠶᠢ ᠰᠤᠳᠤᠯᠤᠨ ᠶᠠᠷᠢᠯᠴᠠᠵᠤ᠂ ᠰᠤᠷᠭᠠᠨ ᠬᠥᠮᠦᠵᠢᠯ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠠᠩᠬᠠᠳᠤᠭᠠᠷ ᠬᠤᠭᠤᠴᠠᠭᠠᠨ ᠤ ᠰᠠᠶᠢᠬᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠶᠠᠨ ᠤ ᠲᠠᠪᠴᠠᠩ ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠫᠠᠨ ᠵᠢᠶᠠᠨ ᠵᠢᠶᠦ᠋ᠨ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠠ ᠸᠧᠢ ᠠᠵᠢᠯᠯᠠᠭ᠎ᠠ ᠳᠤ ᠣᠷᠣᠯᠴᠠᠪᠠ᠃
     ᠰᠢ ᠯᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠲᠣᠭᠯᠠᠯᠲᠠ ᠭᠠᠷᠭᠠᠪᠠ          ᠲᠣᠰ ᠤᠳᠠᠭᠠᠨ ᠤ ᠶᠠᠷᠢᠶᠠᠨ ᠤ ᠲᠠᠪᠴᠠᠩ ᠨᠢ ︽ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠤᠷᠭᠠᠨ ᠬᠥᠮᠦᠵᠢᠯ ᠤᠨ ᠬᠦᠴᠦᠷᠬᠡᠭ  ᠲᠣᠭᠤᠷᠢᠭ ᠢ ᠪᠦᠲᠦᠭᠡᠨ ᠪᠠᠶᠢᠭᠤᠯᠬᠤ︾  ᠪᠠᠷ ᠭᠤᠣᠯ ᠰᠡᠳᠦᠪ ᠪᠣᠯᠭᠠᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠭᠤᠯᠤᠭᠳᠠᠬᠤᠨ ᠴᠢᠬᠤᠯᠠ ᠠᠭᠤᠯᠭ᠎ᠠ ᠪᠠ ᠬᠡᠷᠡᠭᠵᠢᠭᠦᠯᠬᠦ ᠠᠷᠭ᠎ᠠ ᠵᠠᠮ ᠤᠨ ᠲᠣᠭᠤᠷᠢᠨ ᠳᠤ ᠰᠤᠳᠤᠯᠤᠨ ᠶᠠᠷᠢᠯᠴᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠰᠠᠶᠢᠬᠠᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠳᠤ ᠤᠷᠢᠯᠭ᠎ᠠ ᠶᠢᠨ ᠪᠢᠴᠢᠭ ᠣᠯᠭᠤᠵᠤ᠂ ᠰᠠᠶᠢᠬᠠᠨ ᠲᠣᠭᠤᠷᠢᠭ ᠤᠨ ︽ᠨᠠᠷᠠᠲᠤ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ︾ ᠶᠢᠨ ᠬᠠᠮᠲᠤ ᠶᠢᠨ ᠴᠣᠭᠴᠠ ᠶᠢᠨ ᠠᠵᠢᠯᠯᠠᠬᠤ ᠲᠠᠰᠤᠭ ᠲᠤ ᠫᠠᠶᠢᠰᠠ ᠣᠯᠭᠤᠭᠰᠠᠨ ᠪᠥᠭᠡᠳ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠴᠢᠨᠠᠷᠲᠠᠢ ᠰᠢᠮᠳᠠᠭᠤᠯᠤᠨ ᠵᠢᠯᠤᠭᠤᠳᠬᠤ ᠲᠡᠷᠢᠭᠦᠨ ᠤ ᠬᠠᠮᠲᠤ ᠨᠡᠶᠢᠲᠡ ᠪᠠ ᠣᠨᠴᠠᠯᠢᠭᠲᠤ ᠰᠤᠷᠭᠠᠭᠤᠯᠢ ᠡᠷᠭᠢᠯᠡᠭᠰᠡᠨ ᠲᠡᠷᠢᠭᠦᠨ ᠤ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠪᠠ᠃
      ᠴᠢᠩᠬᠤᠸᠠ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᠹᠧᠩ ᠯᠢᠶᠠᠩ ᠭᠤᠣᠯ ᠵᠤᠷᠢᠯᠳᠠᠳᠤ ᠮᠡᠳᠡᠭᠦᠯᠦᠯᠲᠡ ᠬᠢᠪᠡ
     ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ ᠤᠨ ᠲᠡᠷᠢᠭᠦᠨ ᠲᠤᠰᠬᠠᠢ ᠮᠡᠷᠭᠡᠵᠢᠯᠲᠡᠨ ᠹᠦ᠋ ᠰᠢᠶᠣᠣ ᠵᠢᠶᠧ ᠡᠵᠡᠨ ᠮᠡᠳᠡᠬᠦ ᠮᠡᠳᠡᠭᠦᠯᠦᠯᠲᠡ          ᠳᠠᠷᠠᠭ᠎ᠠ ᠨᠢ᠂ ᠶᠠᠷᠢᠶᠠᠨ ᠤ ᠲᠠᠪᠴᠠᠩ ᠳᠤ ᠴᠢᠩᠬᠤᠸᠠ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᠹᠧᠩ ᠯᠢᠶᠠᠩ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ ᠤᠨ ᠲᠡᠷᠢᠭᠦᠨ ᠲᠤᠰᠬᠠᠢ ᠮᠡᠷᠭᠡᠵᠢᠯᠲᠡᠨ ᠹᠦ᠋ ᠰᠢᠶᠣᠣ ᠵᠢᠶᠧ ︽ᠪᠠᠭᠰᠢ ᠶᠢᠨ ᠪᠦᠯᠬᠦᠮ ᠤᠨ ᠪᠠᠶᠢᠭᠤᠯᠤᠯᠲᠠ ᠪᠣᠯᠣᠨ ᠰᠤᠷᠭᠠᠨ ᠬᠥᠮᠦᠵᠢᠯ ᠤᠨ ᠤᠳᠤᠷᠢᠳᠬᠤ ᠬᠦᠴᠦᠨ︾᠂ ︽ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠠᠷᠭ᠎ᠠ ᠵᠠᠮ ᠵᠢᠴᠢ ᠦᠢᠯᠡᠳᠦᠯᠭᠡ︾ ᠭᠡᠬᠦ ᠰᠡᠳᠦᠪ ᠢᠶᠠᠷ ᠭᠤᠣᠯ ᠵᠤᠷᠢᠯᠳᠠᠳᠤ ᠮᠡᠳᠡᠭᠦᠯᠦᠯᠲᠡ ᠬᠢᠪᠡ᠃ ᠮᠡᠳᠡᠭᠦᠯᠦᠯᠲᠡ ᠨᠢ ᠰᠤᠷᠭᠠᠨ ᠬᠥᠮᠦᠵᠢᠯ ᠤᠨ ᠶᠡᠭᠡ ᠬᠠᠨᠳᠤᠰᠢ ᠠᠴᠠ ᠵᠢᠵᠢᠭ ᠵᠦᠢᠯᠡᠰ ᠬᠦᠷᠲᠡᠯ᠎ᠡ᠂ ᠦᠵᠦ ᠲᠥᠯᠥᠪᠯᠡᠭᠡ ᠠᠴᠠ ᠪᠠᠭᠰᠢ ᠶᠢᠨ ᠬᠥᠭᠵᠢᠯᠲᠡ ᠳᠤ ᠭᠦᠨᠵᠡᠭᠡᠢ ᠵᠠᠳᠠᠯᠤᠯᠲᠠ ᠬᠢᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠶᠢᠯᠠᠪᠠ᠃ ᠶᠠᠷᠢᠶᠠᠨ ᠤ ᠲᠠᠪᠴᠠᠩ ᠳᠤ ᠪᠠᠰᠠ ᠨᠠᠢᠮᠠᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠰᠣᠩᠭᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠤᠷᠭᠠᠭᠤᠯᠢ ᠡᠷᠭᠢᠯᠡᠬᠦ ᠣᠨᠴᠠᠯᠢᠭ᠂ ᠰᠢᠨ᠎ᠡ ᠶᠢ ᠡᠭᠦᠳᠬᠦ ᠦᠢᠯᠡᠳᠦᠯᠭᠡ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ ᠬᠤᠪᠢᠶᠠᠯᠴᠠᠵᠤ᠂ ᠰᠤᠷᠭᠠᠭᠤᠯᠢ ᠡᠷᠭᠢᠯᠡᠬᠦ ᠬᠢᠷᠢ ᠲᠦᠪᠰᠢᠨ ᠢᠶᠠᠨ ᠬᠡᠷᠬᠢᠨ ᠳᠡᠭᠡᠭᠰᠢᠯᠡᠭᠦᠯᠬᠦ᠂ ᠰᠣᠷᠣᠭᠴᠢ ᠶᠢᠨ ᠦᠰᠦᠨ ᠪᠣᠶᠢᠵᠢᠬᠤ ᠲᠤᠬᠠᠢ ᠰᠤᠳᠤᠯᠤᠨ ᠶᠠᠷᠢᠯᠴᠠᠪᠠ᠃
     ︽ᠲᠣᠰ ᠤᠳᠠᠭᠠᠨ ᠤ ᠶᠠᠷᠢᠶᠠᠨ ᠤ ᠲᠠᠪᠴᠠᠩ ᠨᠢ ᠠᠯᠠᠱᠠ ᠵᠡᠭᠦᠨ ᠬᠤᠰᠢᠭᠤ᠂ ᠳᠥᠷᠪᠡᠳ ᠬᠤᠰᠢᠭᠤ᠂ ᠯᠢᠶᠡᠩᠴᠧᠩ ᠰᠢᠶᠠᠨ᠂ ᠬᠥᠬᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ 500 ᠰᠢᠬᠠᠮ ᠰᠤᠷᠭᠠᠨ ᠬᠥᠮᠦᠵᠢᠯ ᠤᠨ ᠡᠲᠡᠭᠡᠳ ᠤᠨ ᠬᠢᠨ ᠢ ᠤᠷᠢᠵᠤ᠂ ᠦᠵᠡᠯ ᠰᠠᠨᠠᠭ᠎ᠠ ᠪᠠᠨ ᠰᠣᠯᠢᠯᠴᠠᠬᠤ᠂ ᠲᠤᠷᠰᠢᠯᠭ᠎ᠠ ᠪᠠᠨ ᠬᠤᠪᠢᠶᠠᠯᠴᠠᠭᠤᠯᠬᠤ ᠶᠢᠨ ᠲᠥᠯᠥᠭᠡ ᠶᠤᠮ᠃ ᠶᠠᠷᠢᠶᠠᠨ ᠤ ᠲᠠᠪᠴᠠᠩ ᠨᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠲᠠᠢ ᠥᠨᠳᠥᠷ ᠪᠠᠶᠢᠷᠢᠨ ᠠᠴᠠ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ᠬᠠᠮᠲᠤ ᠪᠠᠷ ᠡᠳ᠋ᠯᠡᠵᠦ ᠬᠠᠮᠲᠤ ᠪᠠᠷ ᠠᠭᠤᠰᠤᠯᠴᠠᠬᠤ ᠶᠢᠨ ᠳᠤᠮᠳᠠ ᠰᠠᠭᠤᠷᠢ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ︾ ᠭᠡᠵᠦ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠵᠠᠩ ᠰᠢᠨ ᠬᠤᠢ ᠰᠤᠷᠪᠤᠯᠵᠢᠯᠠᠭᠴᠢ ᠳᠤ ᠲᠠᠨᠢᠯᠴᠠᠭᠤᠯᠪᠠ᠃          ᠣᠶᠢᠷ᠎ᠠ ᠶᠢᠨ ᠵᠢᠯ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ︽ᠰᠤᠷᠤᠯᠴᠠᠬᠤ ᠳᠤ ᠲᠣᠬᠢᠷᠠᠮᠵᠢᠲᠠᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ ᠲᠠᠯ᠎ᠠ ᠠᠴᠠ ᠰᠤᠷᠭᠠᠨ ᠬᠥᠮᠦᠵᠢᠯ ᠢ ᠦᠵᠡᠬᠦ᠂ ᠠᠷᠠᠳ ᠤᠨ ᠠᠮᠢᠳᠤᠷᠠᠯ ᠤᠨ ᠲᠠᠯ᠎ᠠ ᠠᠴᠠ ᠰᠤᠷᠭᠠᠨ ᠬᠥᠮᠦᠵᠢᠯ ᠢ ᠠᠳᠬᠤᠬᠤ᠂ ᠵᠢᠮ᠎ᠡ ᠶᠣᠰᠣᠨ ᠤ ᠲᠠᠯ᠎ᠠ ᠠᠴᠠ ᠰᠤᠷᠭᠠᠨ ᠬᠥᠮᠦᠵᠢᠯ ᠢ ᠡᠷᠬᠢᠯᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠣᠨᠴᠠᠯᠢᠭ ᠢ ᠢᠯᠡᠷᠡᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠠᠰᠤᠷᠠᠯᠳᠠ ᠦᠭᠡᠢ ᠥᠷᠭᠡᠳᠬᠡᠵᠦ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠥᠷᠨᠢᠭᠦᠨ ᠬᠥᠭᠵᠢᠵᠦ᠂ ᠡᠳᠦᠷ ᠠᠴᠠ ᠡᠳᠦᠷ ᠥᠭᠡᠳᠡᠯᠡᠨ ᠰᠠᠶᠢᠵᠢᠷᠠᠪᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠬᠠᠷᠠᠯᠲᠠ ᠪᠠᠨ ᠲᠣᠭᠲᠠᠭᠠᠵᠤ᠂ ᠤᠨᠢᠨ ᠳᠡᠭᠡᠷ᠎ᠡ  ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠣᠶᠢᠵᠢᠭᠤᠯᠬᠤ ᠢᠨᠵᠧᠨᠧᠷᠢᠩ᠂ ︽ᠲᠦᠷᠪᠡᠨ ᠡᠩᠨᠡᠭᠡ︾ ᠶᠢᠨ ᠰᠢᠯᠢᠳᠡᠭ ᠢ ᠪᠣᠶᠢᠵᠢᠭᠤᠯᠬᠤ ᠢᠨᠵᠧᠨᠧᠷᠢᠩ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠴᠢᠳᠠᠪᠤᠷᠢ ᠶᠢ ᠣᠯᠭᠤᠬᠤ ᠢᠨᠵᠧᠨᠧᠷᠢᠩ ᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠴᠠᠭ ᠦᠶ᠎ᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠶᠠᠰᠤ ᠴᠢᠨᠠᠷ ᠲᠠᠢ᠂ ᠲᠥᠪ ᠭᠤᠣᠯᠴᠢ᠂ ᠨᠡᠩ ᠣᠨᠴᠠᠯᠢᠭ ᠲᠠᠢ ᠰᠠᠶᠢᠬᠠᠨ ᠰᠤᠷᠭᠠᠨ ᠬᠥᠮᠦᠵᠢᠯ ᠢ ᠪᠠᠶᠢᠭᠤᠯᠬᠤ ᠳᠤ ᠦᠷᠭᠦᠯᠵᠢᠯᠡᠨ ᠬᠦᠴᠦᠯᠡᠬᠦ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号