︽ᠮᠠᠰᠢᠨ ᠬᠥᠮᠥᠨ︾ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ ᠳᠤ ᠬᠦᠴᠦᠨ ᠢᠶᠠᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/6/17
       ᠣᠶᠢᠷ᠎ᠠ ᠶᠢᠨ ᠵᠢᠯ ᠳᠤ᠂ ᠥᠰᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ︽ᠮᠠᠰᠢᠨ ᠬᠥᠮᠥᠨ︾ ᠢ ᠢᠳᠡᠪᠬᠢᠲᠡᠢ ᠨᠡᠭᠡᠭᠡᠨ ᠬᠥᠭᠵᠢᠭᠦᠯᠵᠦ ᠠᠰᠢᠭᠯᠠᠨ᠂ ᠭᠦᠢᠯᠭᠡᠭᠡ ᠶᠢᠨ ᠰᠦᠯᠵᠢᠶ᠎ᠡ᠂ ᠲᠣᠮᠣ ᠳ᠋ᠠᠶᠢᠲ᠋ᠠ ᠶᠢ ᠶᠡᠷᠦᠩᠬᠡᠶᠢᠯᠡᠨ ᠠᠰᠢᠭᠯᠠᠵᠤ᠂ ᠣᠶᠤᠨᠴᠢ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠤᠲᠠ ᠶᠢᠨ ᠬᠠᠮᠢᠶᠠᠷᠤᠯᠲᠠ ᠶᠢᠨ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠬᠦᠴᠦᠲᠡᠢ ᠳᠡᠭᠡᠭᠰᠢᠯᠡᠭᠦᠯᠪᠡ᠃            ︽ᠬᠤᠲᠠ ᠶᠢᠨ ᠦᠵᠡᠮᠵᠢ ᠶᠢᠨ ᠮᠠᠰᠢᠨ ᠬᠥᠮᠥᠨ︾ ᠪᠣᠯ ᠬᠤᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠰᠢᠨ᠎ᠡ ᠬᠦᠴᠦᠨ ᠮᠥᠨ᠂ ᠬᠤᠲᠠ ᠳᠤ ᠨᠠᠩ ᠥᠨᠳᠥᠷ ᠪᠦᠲᠦᠮᠵᠢᠲᠡᠶ᠂ ᠣᠶᠤᠨᠴᠢ ᠬᠠᠮᠢᠶᠠᠷᠤᠯᠲᠠ ᠶᠢᠨ ᠣᠶᠢᠯᠠᠭᠠᠯᠲᠠ ᠶᠢ ᠠᠪᠴᠢᠷᠠᠵᠤ ᠥᠭᠭᠦᠭᠰᠡᠨ ᠪᠠᠶᠢᠨ᠎ᠠ᠃            ︽ᠬᠤᠲᠠ ᠶᠢᠨ ᠦᠵᠡᠮᠵᠢ ᠶᠢᠨ ᠮᠠᠰᠢᠨ ᠬᠥᠮᠥᠨ︾ ᠨᠢ ᠬᠦᠴᠦᠷᠬᠡᠭ ᠶᠡᠭᠡ ᠣᠷᠴᠢᠨ ᠲᠣᠭᠤᠷᠢᠨ ᠳᠤ ᠵᠣᠬᠢᠴᠠᠬᠤ ᠴᠢᠳᠠᠪᠤᠷᠢ ᠪᠠ ᠨᠠᠷᠢᠯᠢᠭᠵᠢᠭᠤᠯᠤᠭᠰᠠᠨ ᠠᠵᠢᠯ ᠤᠨ ᠴᠢᠳᠠᠪᠤᠷᠢ ᠶᠢ ᠪᠦᠷᠢᠯᠳᠦᠭᠦᠯᠪᠡ᠃ ᠮᠠᠰᠢᠨ ᠬᠥᠮᠥᠨ ᠲᠡᠷᠢᠭᠦᠨ ᠤ ᠰᠡᠷᠡᠯ ᠳᠠᠮᠵᠢᠭᠤᠯᠤᠭᠴᠢ ᠪᠠ ᠢᠯᠭᠠᠨ ᠲᠠᠨᠢᠬᠤ ᠰᠢᠰᠲ᠋ᠧᠮ ᠢ ᠲᠣᠬᠢᠷᠠᠭᠤᠯᠵᠤ᠂ ᠬᠤᠲᠠ ᠶᠢᠨ ᠡᠯ᠎ᠡ ᠲᠥᠷᠥᠯ ᠤᠨ ᠠᠰᠠᠭᠤᠳᠠᠯ ᠢ ᠡᠵᠡᠨ ᠮᠡᠳᠡᠨ ᠢᠯᠭᠠᠨ ᠲᠠᠨᠢᠵᠤ ᠴᠢᠳᠠᠨ᠎ᠠ᠂ ᠵᠢᠱᠢᠶᠡᠯᠡᠪᠡᠯ ᠳᠤᠷ᠎ᠠ ᠪᠠᠷ ᠢᠶᠠᠨ ᠵᠣᠭᠰᠤᠭᠠᠬᠤ ᠲᠡᠷᠭᠡ ᠬᠦᠰᠡᠭᠡ᠂ ᠳᠤᠷ᠎ᠠ ᠪᠠᠷ ᠢᠶᠠᠨ ᠲᠠᠯᠪᠢᠬᠤ ᠪᠣᠳᠠᠰ ᠪᠠᠷᠠᠭ᠎ᠠ᠂ ᠵᠠᠮ ᠡᠵᠡᠯᠡᠨ ᠡᠵᠡᠩᠨᠡᠬᠦ ᠬᠤᠳᠠᠯᠳᠤᠭ᠎ᠠ ᠮᠠᠶᠢᠮᠠᠢ᠂ ᠳᠤᠷ᠎ᠠ ᠪᠠᠷ ᠢᠶᠠᠨ ᠬᠠᠶᠠᠭᠰᠠᠨ ᠬᠤᠭ ᠨᠣᠪᠰᠢ ᠵᠡᠷᠭᠡ ᠠᠵᠢᠯ ᠢ ᠣᠬᠤᠷ ᠬᠤᠭᠤᠴᠠᠭᠠᠨ ᠳᠣᠲᠣᠷ᠎ᠠ ᠶᠡᠭᠡ ᠬᠡᠮᠵᠢᠶᠡᠨ ᠤ ᠠᠵᠢᠯ ᠢ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠢ᠂ ᠪᠠᠰᠠ  ᠠᠮᠠᠷᠠᠯᠲᠠ ᠦᠭᠡᠢ ᠠᠵᠢᠯᠯᠠᠵᠤ᠂ ᠬᠤᠲᠠ ᠶᠢᠨ ᠬᠠᠮᠢᠶᠠᠷᠤᠯᠲᠠ ᠳᠤ ᠬᠥᠮᠥᠨ ᠤ ᠬᠦᠴᠦᠨ ᠬᠦᠷᠦᠯᠴᠡᠬᠦ ᠦᠭᠡᠢ ᠪᠠ ᠴᠠᠭ ᠬᠤᠭᠤᠴᠠᠭᠠᠨ ᠤ ᠬᠢᠵᠠᠭᠠᠷᠯᠠᠯ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃            ︽ᠬᠤᠲᠠ ᠶᠢᠨ ᠦᠵᠡᠮᠵᠢ ᠶᠢᠨ ᠮᠠᠰᠢᠨ ᠬᠥᠮᠥᠨ︾ ᠨᠢ ᠣᠶᠤᠨᠴᠢ ᠪᠠᠷ ᠬᠠᠷᠢᠯᠴᠠᠬᠤ ᠪᠠ ᠠᠯᠤᠰ ᠠᠴᠠ ᠬᠢᠨᠠᠨ ᠡᠵᠡᠮᠳᠡᠬᠦ ᠴᠢᠳᠠᠮᠵᠢ ᠶᠢ ᠪᠦᠷᠢᠯᠳᠦᠭᠦᠯᠦᠭᠰᠡᠨ ᠪᠠᠶᠢᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠰᠦᠯᠵᠢᠶ᠎ᠡ ᠪᠠᠷ ᠬᠤᠯᠪᠤᠯᠳᠠᠬᠤ ᠪᠠᠷ ᠳᠠᠮᠵᠢᠨ᠂ ᠮᠠᠰᠢᠨ ᠬᠥᠮᠥᠨ ᠨᠢ ᠠᠵᠢᠯ ᠤᠨ ᠲᠤᠭ᠎ᠠ ᠪᠠᠷᠢᠮᠲᠠ ᠪᠠ ᠠᠰᠠᠭᠤᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠳᠠᠮᠵᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠲᠠ ᠶᠢᠨ ᠬᠠᠮᠢᠶᠠᠷᠤᠯᠲᠠ ᠶᠢᠨ ᠬᠥᠳᠡᠯᠦᠩᠭᠦᠢ ᠪᠠᠶᠢᠳᠠᠯ ᠢ ᠴᠠᠭ ᠲᠤᠬᠠᠢ ᠳᠤᠨᠢ ᠣᠶᠢᠯᠠᠭᠠᠭᠤᠯᠵᠤ  ᠴᠢᠳᠠᠨ᠎ᠠ᠂ ᠮᠥᠨᠴᠦ ᠠᠪᠢᠶ᠎ᠠ ᠪᠠ ᠳᠡᠯᠭᠡᠴᠡ ᠪᠠᠷ ᠳᠠᠮᠵᠢᠭᠤᠯᠤᠨ ᠬᠤᠲᠠ ᠶᠢᠨ ᠠᠷᠠᠳ ᠲᠠᠢ ᠬᠥᠳᠡᠯᠦᠩᠭᠦᠢ ᠬᠠᠷᠢᠯᠴᠠᠵᠤ᠂ ᠳᠥᠭᠦᠮ ᠳᠥᠲᠡ ᠦᠢᠯᠡᠴᠢᠯᠡᠭᠡ ᠶᠢ ᠬᠠᠩᠭᠠᠵᠤ ᠴᠢᠳᠠᠨ᠎ᠠ᠃            ︽ᠬᠤᠲᠠ ᠶᠢᠨ ᠦᠵᠡᠮᠵᠢ ᠶᠢᠨ ᠮᠠᠰᠢᠨ ᠬᠥᠮᠥᠨ︾ ᠨᠢ ᠬᠤᠲᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠴᠠ ᠶᠢ ᠳᠡᠭᠡᠭᠰᠢᠯᠡᠭᠦᠯᠪᠡ᠃ ᠮᠠᠰᠢᠨ ᠬᠥᠮᠥᠨ ᠨᠢ ᠠᠰᠠᠭᠤᠳᠠᠯ ᠢ ᠨᠠᠷᠢᠯᠢᠭ ᠣᠨᠣᠪᠴᠢᠲᠠᠶ ᠪᠠᠷ ᠢᠯᠭᠠᠨ ᠲᠠᠨᠢᠵᠤ᠂ ᠤᠯᠠᠮᠵᠢᠯᠠᠯᠲᠤ ᠬᠠᠮᠢᠶᠠᠷᠤᠯᠲᠠ ᠶᠢᠨ ᠳᠤᠮᠳᠠ ᠭᠠᠷᠴᠤ ᠮᠡᠳᠡᠬᠦ ᠣᠷᠬᠢᠭᠳᠠᠭᠤᠯᠬᠤ ᠪᠠ ᠪᠤᠷᠤᠭᠤ ᠮᠠᠭᠠᠳᠯᠠᠬᠤ ᠠᠴᠠ ᠵᠠᠶᠢᠯᠠᠰᠬᠢᠵᠡᠢ᠃ ᠲᠤᠭ᠎ᠠ ᠪᠠᠷᠢᠮᠲᠠ ᠶᠢᠨ ᠵᠠᠳᠠᠯᠤᠯᠲᠠ ᠪᠠ ᠣᠶᠤᠨᠴᠢ ᠦᠨᠡᠯᠡᠯᠲᠡ ᠪᠠᠷ ᠳᠡᠮᠵᠢᠨ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠬᠠᠮᠢᠶᠠᠷᠤᠯᠲᠠ ᠶᠢᠨ ᠪᠣᠳᠠᠲᠠᠢ ᠪᠠᠶᠢᠳᠠᠯ ᠢ ᠨᠠᠩ ᠣᠨᠣᠪᠴᠢᠲᠠᠶ ᠡᠵᠡᠮᠰᠢᠵᠦ᠂ ᠨᠠᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠲᠣᠭᠲᠠᠭᠠᠬᠤ ᠳᠤ ᠦᠨᠳᠦᠰᠦᠯᠡᠯ  ᠬᠠᠩᠭᠠᠵᠤ ᠦᠭᠭᠦᠪᠡ᠃          ᠮᠡᠷᠭᠡᠵᠢᠯ ᠤᠨ ᠲᠠᠰᠤᠷᠠᠯᠲᠠ ᠦᠭᠡᠢ ᠳᠠᠪᠰᠢᠯᠲᠠ ᠪᠠ ᠬᠡᠷᠡᠭᠯᠡᠭᠡᠨ ᠤ ᠭᠦᠨᠵᠡᠭᠡᠢ ᠳᠡᠯᠭᠡᠷᠡᠭᠦᠯᠬᠦ ᠶᠢ ᠳᠠᠭᠠᠯᠳᠤᠨ᠂ ︽ᠬᠤᠲᠠ ᠶᠢᠨ ᠦᠵᠡᠮᠵᠢ ᠶᠢᠨ ᠮᠠᠰᠢᠨ ᠬᠥᠮᠥᠨ︾ ᠨᠢ ᠬᠤᠲᠠ ᠶᠢᠨ ᠬᠠᠮᠢᠶᠠᠷᠤᠯᠲᠠ ᠳᠤ ᠨᠠᠩ ᠴᠢᠬᠤᠯᠠ ᠦᠢᠯᠡᠳᠦᠯ  ᠢᠶᠠᠨ ᠦᠵᠡᠭᠦᠯᠵᠦ᠂ ᠬᠤᠲᠠ ᠶᠢᠨ ᠦᠷᠬᠦᠯᠵᠢᠯᠡᠨ ᠬᠥᠭᠵᠢᠬᠦ  ᠳᠤ ᠨᠡᠩ ᠰᠠᠶᠢᠨ ᠬᠦᠴᠦᠨ ᠴᠢᠳᠠᠯ ᠢᠶᠠᠨ ᠡᠷᠭᠦᠬᠦ ᠶᠢ ᠬᠦᠰᠡᠨ᠎ᠡ᠂ ᠨᠠᠩ ᠣᠯᠠᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠪᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠷᠣᠯᠴᠠᠵᠤ᠂ ᠬᠤᠲᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠨ᠎ᠡ᠃
 
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号