| | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽5000 ᠺᠢᠯᠣᠮᠧᠲᠷ ᠤᠷᠳᠤ | ᠬᠥᠳᠡᠭᠡ ᠲᠤᠰᠬᠤᠨ ᠤ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ︾ ᠶᠢ 2024 ᠣᠨ ᠤ ᠪᠦᠭᠦ | ᠣᠷᠣᠨ ᠤ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠤᠨ ᠨᠢᠭᠡ ᠪᠣᠯᠭᠠᠪᠠ᠃ ᠡᠨᠡ ᠬᠦ ᠬᠠᠷᠠᠯᠲᠠ ᠡᠭᠦᠷᠭᠡ | ᠶᠣᠰᠣᠭᠠᠷ ᠬᠠᠮᠢᠶ᠎ᠠ ᠪᠦᠬᠦᠢ ᠭᠠᠵᠠᠷ ᠤᠨ ᠬᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ᠂ ᠤᠳᠤ ᠪᠦᠭᠦ ᠣᠷᠣᠨ ᠤ ᠬᠥᠳᠡᠭᠡ ᠲᠣᠰᠬᠤᠨ ᠤ ᠵᠠᠰᠠᠮᠠᠯ | ᠵᠠᠮ ᠤᠨ ᠶᠡᠷᠦᠩᠬᠡᠢ ᠣᠷᠳᠣ 17.7 ᠲᠦᠮᠡᠨ ᠺᠢᠯᠣᠮᠧᠲᠷ ᠢ ᠳᠠᠪᠠᠵᠤ᠂ 103 ᠬᠤᠰᠢᠭᠤ ᠰᠢᠶᠠᠨ ᠲᠣᠭᠤᠷᠢᠭ ᠲᠤ | ᠴᠥᠮ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠨ᠂ 94.9% ᠶᠢᠨ ᠰᠤᠮᠤ ᠰᠢᠶᠠᠩ ᠪᠠᠯᠭᠠᠰᠤᠨ | ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠨᠡᠪᠲᠡᠷᠡᠵᠤ᠂ 779 ᠰᠤᠮᠤ ᠰᠢᠶᠠᠩ ᠪᠠᠯᠭᠠᠰᠤ ᠪᠠ 11050 | ᠪᠠᠶᠢᠭᠤᠯᠤᠮᠵᠢᠲᠤ ᠭᠠᠴᠠᠭ᠎ᠠ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠪᠡ᠃ | | | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ | ᠤᠨ ᠳᠡᠳ᠋ ᠡᠷᠭᠢᠯᠡᠭᠴᠢ ᠰᠢᠩ ᠵᠠᠨ ᠸᠧᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤᠳᠠᠯ ᠦᠭᠡᠢ ᠰᠢᠨ᠎ᠡ ᠨᠢᠭᠡ | ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠦᠪᠰᠢᠨ ᠢ ᠳᠡᠭᠡᠭᠰᠢᠯᠡᠭᠦᠯᠭᠦ ᠠᠵᠢᠯᠯᠠᠭ᠎ᠠ ᠥᠷᠨᠢᠭᠦᠯᠵᠦ᠂ | ︽ᠰᠠᠶᠢᠲᠤᠷ ᠪᠠᠶᠢᠭᠤᠯᠬᠤ︾ ᠲᠠᠯ᠎ᠠ ᠪᠠᠷ ᠲᠠᠰ ᠳᠡᠪᠰᠢᠭᠦᠯᠬᠦ᠂ ︽ᠰᠠᠶᠢᠲᠤᠷ ᠬᠠᠮᠢᠶᠠᠷᠬᠤ︾ ᠲᠠᠯ᠎ᠠ ᠪᠠᠷ ᠵᠢᠷᠤᠮᠵᠢᠭᠤᠨ | ᠪᠥᠭᠡᠳ ᠪᠦᠲᠦᠮᠵᠢᠲᠡᠶ ᠪᠤᠯᠭᠠᠬᠤ᠂ ︽ᠰᠠᠶᠢᠲᠤᠷ ᠬᠠᠮᠠᠭᠠᠯᠠᠬᠤ︾ ᠲᠠᠯ᠎ᠠ ᠪᠠᠷ ᠴᠢᠨᠠᠷ ᠰᠠᠶᠢᠲᠠᠢ ᠪᠥᠭᠡᠳ ᠥᠨᠳᠥᠷ | ᠪᠦᠲᠦᠮᠵᠢᠲᠡᠶ ᠪᠠᠶᠢᠯᠭᠠᠬᠤ᠂ ︽ᠰᠠᠶᠢᠲᠤᠷ ᠡᠵᠡᠩᠨᠡᠬᠦ︾ ᠲᠠᠯ᠎ᠠ ᠪᠠᠷ ᠬᠠᠮᠵᠢᠯᠴᠠᠨ ᠠᠭᠤᠰᠤᠯᠴᠠᠬᠤ ᠶᠢ ᠴᠢᠨᠠᠭᠰᠢᠳᠠ | ᠠᠬᠢᠭᠤᠯᠵᠤ᠂ ᠪᠦᠭᠦ ᠵᠢᠯ ᠳᠤ 4700 ᠺᠢᠯᠣᠮᠧᠲᠷ ᠤᠷᠳᠤ ᠬᠥᠳᠡᠭᠡ ᠲᠤᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ︽ᠬᠥᠳᠡᠭᠡ ᠲᠣᠰᠬᠤᠨ ᠤ ᠵᠠᠰᠠᠮᠠᠯ ᠵᠠᠮ +︾ ᠵᠠᠭᠪᠤᠷ ᠢᠶᠠᠷ | ᠳᠠᠮᠵᠢᠨ ᠡᠨᠡ ᠵᠢᠯ ᠤᠨ ᠳᠣᠲᠣᠷ᠎ᠠ ᠭᠤᠷᠪᠠᠳᠤᠭᠠᠷ ᠲᠥᠷᠥᠯ ᠵᠢᠴᠢ ᠲᠡᠭᠦᠨ ᠠᠴᠠ ᠳᠡᠭᠡᠭᠰᠢᠬᠢ ᠬᠦᠷᠢᠶᠡᠯᠡᠩ | ᠲᠣᠭᠤᠷᠢᠭ ᠲᠤ ᠨᠡᠪᠲᠡᠷᠡᠬᠦ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠤᠨ ᠡᠵᠡᠯᠡᠬᠦ | ᠬᠠᠷᠢᠴᠠᠯ ᠢ 100% ᠳᠤ ᠬᠦᠷᠭᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠰᠢᠯᠢᠳᠡᠭ ᠪᠠ ᠳᠤᠮᠳᠠ ᠵᠡᠷᠭᠡ ᠳᠤ | ᠭᠦᠷᠦᠭᠰᠡᠨ ᠨᠤᠷᠮ᠎ᠠ ᠶᠢ 90% ᠶᠢ ᠳᠠᠪᠠᠭᠤᠯᠵᠤ᠂ ᠨᠡᠯᠢᠶᠡᠳ ᠶᠡᠭᠡ ᠠᠶᠢᠯ ᠲᠣᠰᠬᠤᠨ ︵ᠳᠤᠭᠤᠶᠢᠯᠠᠩ︶ ᠳᠤ | ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠬᠠᠷᠢᠴᠠᠯ ᠢ 100% ᠳᠤ ᠬᠦᠷᠭᠡᠬᠦ ᠶᠢ ᠦᠨᠡᠨ ᠬᠦ ᠪᠠᠲᠤᠯᠠᠬᠤ ᠪᠣᠯᠣᠨ᠎ᠠ᠃ | |