8 ᠠᠵᠢᠯ ᠲᠦᠷᠦᠯ ᠤᠨ ᠬᠦᠷᠢᠶᠡᠨ ᠤ ᠣᠨᠴᠠ ᠲᠣᠮᠣ ᠶᠡᠭᠡ ᠠᠳᠡᠯ ᠢ ᠰᠡᠷᠭᠡᠶᠢᠯᠡᠬᠦ ᠬᠠᠲᠠᠭᠤ ᠴᠢᠩᠭ᠎ᠠ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/6/17
     ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠨᠳᠤᠯᠭᠠᠲᠤ ᠴᠢᠨᠠᠷ᠂ ᠬᠡᠷᠡᠭᠵᠢᠭᠦᠯᠬᠦ ᠴᠢᠨᠠᠷ ᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ︽ᠭᠤᠷᠪᠠᠨ ᠡᠷᠬᠡᠪᠡᠰᠢ ᠬᠤᠶᠠᠷ ᠢ ᠦᠨᠡᠨᠬᠦ ᠪᠠᠲᠤᠯᠠᠬᠤ︾ ᠬᠠᠷᠠᠯᠲᠠ ᠶᠢ  ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠬᠤᠨᠠᠨ ᠮᠤᠵᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ  ᠪᠠᠶᠢᠭᠤᠯᠵᠤ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠢ ᠬᠡᠢ ᠵᠡᠷᠭᠡ 8 ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠵᠣᠬᠢᠶᠠᠨ ᠪᠠᠶᠢᠭᠤᠯᠵᠤ᠂ ᠣᠨᠴᠠ ᠲᠣᠮᠣ ᠶᠡᠭᠡ ᠠᠳᠡᠯ ᠢ ᠰᠡᠷᠭᠡᠶᠢᠯᠡᠬᠦ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠳ ᠬᠢᠨᠠᠮᠠᠭᠠᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃           1. ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠣᠨᠴᠠ ᠲᠣᠮᠣ ᠶᠡᠭᠡ ᠠᠳᠡᠯ ᠢ ᠰᠡᠷᠭᠡᠶᠢᠯᠡᠬᠦ ︽ᠳᠣᠯᠣᠭᠠᠨ ᠵᠤᠷᠪᠤᠰ ᠬᠠᠲᠠᠭᠤ ᠠᠷᠭ᠎ᠠ ᠬᠡᠮᠵᠢᠶ᠎ᠡ︾  ᠂               2. ᠪᠠᠷᠢᠯᠭ᠎ᠠ ᠶᠢᠨ ᠠᠵᠢᠯ ᠤᠨ ᠬᠦᠷᠢᠶᠡᠨ ᠤ ᠰᠠᠭᠤᠷᠢ ᠨᠦᠬᠡ ᠶᠢᠨ ᠨᠤᠷᠠᠬᠤ ᠠᠴᠠ ᠰᠡᠷᠭᠡᠶᠢᠯᠡᠬᠦ  ︽ᠠᠷᠪᠠᠨ ᠡᠷᠬᠡᠪᠰᠢ︾  ᠂           3. ᠪᠠᠷᠢᠯᠭ᠎ᠠ ᠶᠢᠨ ᠠᠵᠢᠯ ᠤᠨ ᠬᠦᠷᠢᠶᠡᠨ ᠤ ᠥᠨᠳᠥᠷ ᠠᠴᠠ ᠤᠨᠠᠬᠤ ᠠᠳᠡᠯ ᠢ ᠰᠡᠷᠭᠡᠶᠢᠯᠡᠬᠦ  ︽ᠠᠷᠪᠠᠨ ᠡᠷᠬᠡᠪᠰᠢ︾  ᠂           4. ᠪᠠᠷᠢᠯᠭ᠎ᠠ ᠶᠢᠨ ᠠᠵᠢᠯ ᠤᠨ ᠬᠦᠷᠢᠶᠡᠨ ᠳᠠᠬᠢ ᠴᠠᠬᠤᠯᠠᠭᠤᠷ ᠤᠨ ᠠᠮᠤᠷ ᠲᠦᠪᠰᠢᠨ ᠤ ᠠᠲᠡᠯ ᠢ ᠰᠡᠷᠭᠡᠶᠢᠯᠡᠬᠦ ︽ᠠᠷᠪᠠᠨ ᠡᠷᠬᠡᠪᠡᠰᠢ︾᠂             5. ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠢ ᠠᠩᠬᠠᠷᠬᠤ ︽ᠠᠷᠪᠠᠨ ᠪᠦᠬᠦᠨ ᠢ︾  ᠂           6. ᠵᠠᠮ ᠲᠡᠭᠡᠭᠡᠪᠦᠷᠢ᠂ ᠤᠰᠤᠨ ᠵᠠᠮ ᠬᠠᠷᠢᠯᠴᠠᠭ᠎ᠠ᠂ ᠵᠠᠮ ᠬᠠᠷᠢᠯᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠮᠠᠯ ᠵᠠᠮ ᠤᠨ ᠲᠡᠭᠡᠭᠡᠪᠦᠷᠢ᠂ ᠵᠢᠮᠲᠦ ᠵᠠᠮ ᠬᠠᠷᠢᠯᠴᠠᠭᠠᠨ ᠤ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠣᠨᠴᠠ ᠲᠣᠮᠣ ᠶᠡᠭᠡ ᠠᠲᠡᠯ ᠬᠡᠷᠡᠭ ᠢ ᠰᠡᠷᠭᠡᠶᠢᠯᠡᠨ ᠬᠤᠷᠢᠭᠯᠠᠬᠤ ︽ᠠᠷᠪᠠᠨ ᠨᠠᠢᠮᠠᠨ ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ︾᠂           7. ᠣᠨᠴᠠ ᠳᠦᠷᠣᠯ ᠤᠨ ᠲᠥᠬᠦᠭᠡᠷᠦᠮᠵᠢ ᠶᠢᠨ ᠬᠦᠷᠢᠶᠡᠨ ᠳᠠᠬᠢ ᠣᠨᠴᠠ ᠲᠣᠮᠣ ᠶᠡᠭᠡ ᠠᠲᠠᠯ ᠢ ᠰᠡᠷᠭᠡᠶᠢᠯᠡᠬᠦ ︽ᠭᠤᠷᠪᠠᠨ ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ︾           8. ᠵᠠᠮ ᠬᠠᠷᠢᠯᠴᠠᠭᠠᠨ ᠤ ᠣᠨᠴᠠ ᠲᠣᠮᠣ ᠶᠡᠭᠡ ᠠᠳᠡᠯ ᠢ ᠰᠡᠷᠭᠡᠶᠢᠯᠡᠬᠦ ︽ᠵᠢᠷᠭᠤᠭᠠᠨ ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ︾      ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠣᠯᠠᠨ ᠨᠡᠶᠢᠲᠡ ᠶᠢᠨ ᠳ᠋ᠤᠭᠠᠷ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号