ᠡᠷᠳᠡᠨᠢ ᠰᠢᠰᠢ ᠶᠢᠨ ᠰᠢᠨ᠎ᠡ ᠲᠥᠷᠥᠯ ᠵᠦᠢᠯ ᠰᠠᠶᠢᠬᠠᠨ ᠲᠣᠭᠤᠷᠢᠭ ᠤᠨ ᠲᠠᠷᠢᠶᠠᠯᠠᠩ ᠤᠨ ᠰᠢᠨ᠎ᠡ ᠠᠮᠢ ᠠᠬᠤᠢ ᠶᠢ ᠪᠣᠶ ᠪᠣᠯᠭᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/18
     ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠢᠩᠲᠦ ᠲᠣᠰᠬᠤᠨ ᠳᠤ ᠥᠪᠥᠷ ᠮᠣᠩᠭᠤᠯ ᠤᠨ ᠦᠷ᠎ᠡ  ᠶᠢᠨ ᠦᠢᠯᠡᠰ ᠤᠨ ᠬᠢᠵᠠᠭᠠᠷᠲᠤ ᠺᠣᠮᠫᠠᠨᠢ ᠂ ᠡᠷᠳᠡᠨᠢ ᠰᠢᠰᠢ ᠶᠢᠨ ᠦᠷ᠎ᠡ ᠪᠣᠶᠢᠵᠢᠭᠤᠯᠬᠤ ᠲᠠᠷᠢᠶᠠᠨ ᠳᠤ ᠣᠷᠣᠵᠤ᠂ 400 ᠭᠠᠷᠤᠢ ᠮᠦ ᠡᠷᠳᠡᠨᠢ ᠰᠢᠰᠢ ᠶᠢ ᠰᠤᠳᠤᠯᠤᠨ ᠨᠡᠭᠡᠭᠡᠵᠦ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ ᠨᠡᠭᠡᠭᠡᠵᠦ᠂ 3 ᠲᠦᠮᠡ ᠭᠠᠷᠤᠢ ᠦᠷ᠎ᠡ ᠡᠳ᠋ ᠤᠨ ᠡᠬᠢ ᠪᠠᠶᠠᠯᠢᠭ ᠢ ᠠᠳᠡ ᠲᠠᠷᠢᠪᠠ᠃
           ︽ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠠᠶᠢᠬᠠᠨ ᠲᠣᠭᠤᠷᠢᠭ ᠥᠪᠥᠷ ᠮᠣᠩᠭᠤᠯ ᠤᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠪᠠᠷ ᠲᠣᠯᠣᠭᠠᠶᠢᠯᠠᠭᠤᠯᠤᠭᠰᠠᠨ ᠡᠷᠳᠡᠨᠢ ᠰᠢᠰᠢ ᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠣᠷᠣᠨ ᠤ ᠤᠯᠤᠰ ᠤᠨ ᠳᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠤᠪᠢᠶᠠᠷᠢ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠦᠷ᠎ᠡ ᠶᠢᠨ ᠣᠳᠤᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠲᠦᠷᠦᠭᠦᠯᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠷᠳᠡᠨᠢ ᠰᠢᠰᠢ ᠶᠢᠨ ᠡᠭᠦᠯᠳᠡᠷ ᠰᠠᠶᠢᠵᠢᠷᠠᠭᠤᠯᠬᠤ ᠲᠥᠪ ᠲᠠᠢ ᠬᠤᠯᠪᠤᠭᠠᠯᠠᠨ  ᠶᠢᠨ ᠾᠧ ᠪᠠᠯᠭᠠᠰᠤᠨ ᠳᠤ ᠬᠥᠬᠡᠬᠤᠲᠠ ᠶᠢᠨ ᠲᠤᠷᠰᠢᠯᠲᠠ ᠶᠢᠨ ᠥᠷᠲᠡᠭᠡ ᠶᠢ ᠪᠠᠶᠢᠭᠤᠯᠵᠤ᠂ ᠭᠤᠸᠠᠩᠳᠦ᠋ᠩ ᠮᠤᠵᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ ᠡᠷᠳᠡᠨᠢ ᠰᠢᠰᠢ ᠶᠢᠨ ᠡᠮᠦᠨ᠎ᠡ ᠦᠷᠡᠵᠢᠵᠦ ᠤᠮᠠᠷᠠᠲᠤ ᠳᠤ ᠪᠣᠶᠢᠵᠢᠭᠤᠯᠬᠤ ᠭᠠᠵᠠᠷ ᠢ ᠪᠠᠶᠢᠭᠤᠯᠵᠤ᠂ ᠤᠶᠠᠨ ᠬᠠᠲᠠᠨ ᠴᠢᠳᠠᠪᠤᠷᠢᠲᠠᠨ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠨᠡᠭᠦᠳᠡᠯ ᠤᠨ ᠰᠢᠪᠠᠭᠤ ᠮᠠᠶ᠋ᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠪᠠ︾ ᠭᠡᠵᠦ ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠯᠢ ᡁᠢ ᠶᠦᠩ ᠰᠤᠷᠪᠤᠯᠵᠢᠯᠠᠭᠴᠢ ᠳᠤ ᠲᠠᠨᠢᠯᠴᠠᠭᠤᠯᠪᠠ᠃
             ᠡᠨᠡ ᠵᠢᠯ᠂ ᠰᠠᠶᠢᠬᠠᠨ ᠲᠣᠭᠤᠷᠢᠭ ᠲᠠᠷᠢᠶᠠᠯᠠᠩ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ  ᠤᠨ ᠬᠦᠴᠦᠨ ᠢ ᠶᠡᠬᠡᠪᠡᠷ ᠠᠬᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠣᠷᠣᠭᠤᠯᠵᠤ ᠳᠡᠯᠭᠡᠷᠡᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠠᠭᠤᠯᠤᠭᠳᠠᠴᠠ ᠪᠣᠯᠣᠨ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠳᠣᠬᠠᠨ ᠳᠤ᠂ ᠰᠠᠶᠢᠬᠠᠨ ᠲᠣᠭᠤᠷᠢᠭ ᠨᠢᠭᠡᠨᠲᠡ 150 ᠭᠠᠷᠤᠢ ᠢᠳᠡᠰᠢᠨ ᠨᠣᠭᠤᠭ᠎ᠠ ᠶᠢᠨ ᠰᠢᠨ᠎ᠡ ᠲᠥᠷᠥᠯ ᠵᠦᠢᠯ ᠢ ᠠᠮᠵᠢᠯᠲᠠ ᠲᠠᠢ ᠭᠠᠷᠭᠠᠵᠦ᠂ ᠡᠳᠡᠭᠡᠷ ᠰᠢᠨ᠎ᠡ ᠲᠥᠷᠥᠯ ᠵᠦᠢᠯ ᠨᠢ ᠬᠤᠲᠠ ᠶᠢᠨ ᠠᠷᠠᠳ ᠤᠨ ᠢᠳᠡᠰᠢᠨ ᠨᠣᠭᠤᠭ᠎ᠠ ᠶᠢᠨ ᠰᠠᠭᠰᠤ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠲᠤᠬᠠᠢ ᠶᠢᠨ ᠭᠠᠵᠠᠷ ᠤᠨ ᠲᠠᠷᠢᠶᠠᠴᠢᠳ ᠲᠤ ᠨᠡᠩ ᠥᠨᠳᠥᠷ ᠠᠵᠤ ᠠᠬᠤᠢ ᠶᠢᠨ ᠦᠷ᠎ᠡ ᠠᠰᠢᠭ ᠢ ᠠᠪᠴᠢᠷᠠᠭᠰᠠᠨ ᠪᠠᠶᠢᠨ᠎ᠠ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ  ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号