ᠰᠠᠶᠢᠬᠠᠨ ᠲᠣᠭᠤᠷᠢᠭ ᠬᠤᠶᠠᠳᠤᠭᠠᠷ ᠬᠤᠭᠤᠴᠠᠭᠠᠨ ᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/6/18
      ᠺᠠᠳ᠋ᠷ ᠤᠨ ᠡᠩᠨᠡᠭᠡᠨ ᠤ ᠮᠡᠳᠡᠯᠭᠡ ᠶᠢᠨ ᠰᠢᠨᠡᠴᠢᠯᠡᠯᠲᠡ ᠶᠢ ᠲᠦᠷᠭᠡᠳᠬᠡᠵᠦ᠂ ᠺᠠᠳ᠋ᠷ ᠤᠨ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠰᠠᠶᠢᠬᠠᠨ ᠲᠣᠭᠤᠷᠢᠭ ᠬᠤᠶᠠᠳᠤᠭᠠᠷ ᠬᠤᠭᠤᠴᠠᠭᠠᠨ ᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠪᠡ᠃
     ᠲᠣᠰ ᠤᠳᠠᠭᠠᠨ ᠤ ᠪᠣᠯᠪᠠᠰᠤᠷᠠᠭᠤᠯᠤᠯ ᠨᠢ ︽ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠠᠵᠢᠯ ᠲᠥᠷᠥᠯ ᠤᠨ ᠠᠵᠤ ᠦᠢᠯᠡᠰ ᠤᠨ ᠬᠥᠭᠵᠢᠯᠲᠡ︾ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠵᠥᠩ ᠬᠤᠸᠠᠨ ᠲᠡᠷᠢᠭᠦᠨ ᠤ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠪᠥᠭᠡᠳ ᠳᠡᠭᠡᠳᠦ ᠵᠡᠷᠭᠡ ᠶᠢᠨ ᠮᠡᠷᠭᠡᠵᠢᠯ ᠤᠨ ᠶᠡᠷᠦᠩᠬᠡᠢ ᠬᠢᠨᠠᠭᠴᠢ ᠯᠧᠦ ᠵᠥᠩ ᠱᠢ ᠶᠢ ᠤᠷᠢᠵᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠯᠭᠡᠪᠡ᠃ ᠪᠣᠯᠪᠠᠰᠤᠷᠠᠯ ᠤᠨ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠯᠧᠢ ᠡᠷᠬᠢᠯᠡᠪᠡ᠃ ᠪᠦᠬᠦ ᠲᠣᠭᠤᠷᠢᠭ ᠤᠨ ᠳᠡᠳ᠋ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠪᠣᠯᠪᠠᠰᠤᠷᠠᠯ ᠳᠤ ᠣᠷᠣᠯᠴᠠᠪᠠ᠃          ᠪᠣᠯᠪᠠᠰᠤᠷᠠᠭᠤᠯᠤᠯ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠶᠡᠷᠦᠩᠬᠡᠶᠢᠯᠡᠭᠰᠡᠨ ᠲᠣᠭᠠᠴᠢᠯᠲᠠ᠂ ᠬᠥᠭᠵᠢᠯᠲᠡ ᠶᠢᠨ ᠪᠠᠶᠢᠳᠠᠯ ᠪᠠ ᠢᠷᠡᠭᠡᠳᠦᠢ ᠵᠡᠷᠭᠡ ᠭᠤᠷᠪᠠᠨ ᠲᠠᠯ᠎ᠠ ᠠᠴᠠ ᠪᠥᠬᠦ ᠲᠣᠭᠤᠷᠢᠭ ᠤᠨ ᠺᠠᠳ᠋ᠷᠴᠤᠳ ᠢ ᠬᠠᠪᠰᠤᠷᠤᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠠᠵᠢᠯ ᠲᠥᠷᠥᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠠ ᠰᠠᠭᠤᠷᠢ ᠮᠡᠷᠭᠡᠵᠢᠯ ᠤᠨ ᠮᠡᠳᠡᠯᠭᠡ ᠶᠢ ᠭᠦᠨᠵᠡᠭᠡᠢ ᠣᠶᠢᠯᠠᠭᠠᠭᠤᠯᠵᠤ᠂ ᠺᠠᠳ᠋ᠷ ᠤᠨ ᠮᠡᠳᠡᠯᠭᠡ ᠶᠢᠨ ᠪᠦᠲᠦᠴᠡ ᠶᠢᠨ ᠰᠢᠨᠡᠴᠢᠯᠡᠯᠲᠡ ᠶᠢ ᠬᠦᠴᠦᠯᠡᠨ ᠠᠬᠢᠭᠤᠯᠵᠤ᠂ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠬᠥᠭᠵᠢᠯᠲᠡ ᠳᠤ ︽ᠴᠠᠬᠢᠯᠭᠠᠨ ᠴᠡᠨᠡᠭᠯᠡᠬᠦ︾᠂ ︽ᠴᠢᠳᠠᠪᠤᠷᠢ ᠣᠯᠭᠤᠬᠤ︾ ᠶᠢ ᠬᠦᠴᠦᠯᠡᠨ ᠠᠬᠢᠭᠤᠯᠪᠠ᠃          ᠣᠶᠢᠷ᠎ᠠ ᠶᠢᠨ ᠵᠢᠯ ᠤᠨ ᠲᠤᠷᠰᠢ᠂ ᠰᠠᠶᠢᠬᠠᠨ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠪᠠᠷ ᠴᠢᠷᠮᠠᠶᠢᠵᠤ᠂ ᠪᠣᠬᠢᠷᠲᠤᠯ ᠦᠭᠡᠢ ᠡᠨᠧᠷᠭᠢ ᠶᠢ ᠶᠡᠬᠡᠪᠡᠷ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠨᠡᠩ ᠰᠠᠶᠢᠲᠤᠷ ᠡᠷᠬᠢᠯᠡᠬᠦ ᠪᠠᠷ ᠴᠢᠷᠮᠠᠶᠢᠪᠠ᠃ ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠭᠠᠷᠠᠭ ᠤᠨ ᠲᠠᠶᠢᠯᠤᠮᠵᠢ︾ ᠶᠢᠨ ᠠᠷᠭ᠎ᠠ ᠬᠡᠯᠪᠡᠷᠢ ᠪᠠᠷ ᠲᠤᠰ ᠤᠳᠠᠭᠠᠨ ᠤ ᠪᠣᠯᠪᠠᠰᠤᠷᠠᠯ ᠢ ᠥᠷᠨᠢᠭᠦᠯᠵᠦ᠂ ᠺᠠᠳ᠋ᠷᠴᠤᠳ ᠤᠨ ︽ᠰᠢᠨ᠎ᠡ ᠴᠢᠨᠠᠷᠵᠢᠭᠤᠯᠬᠤ︾ ᠤᠨᠤᠯ ᠤᠨ ᠲᠦᠪᠰᠢᠨ ᠪᠣᠯᠣᠨ ᠪᠣᠳᠠᠲᠠᠢ ᠠᠵᠢᠯᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠣᠨ ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠵᠤ᠂ ᠮᠠᠨ ᠤ ᠲᠣᠭᠤᠷᠢᠭ ᠤᠨ ︽ᠲᠦᠷᠪᠡᠨ ᠮᠢᠩᠭᠠᠨ ᠳ᠋ᠦᠩᠰᠢᠭᠤᠷ᠂ ᠲᠠᠪᠤᠨ ᠨᠢᠭᠡᠳᠦᠭᠡᠷ︾ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号