ᠰᠠᠶᠢᠬᠠᠨ ᠲᠣᠭᠤᠷᠢᠭ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ ᠶᠢᠨ ᠪᠣᠯᠪᠠᠰᠤᠷᠠᠯ ᠢ ᠡᠬᠢᠯᠡᠭᠦᠯᠵᠦ᠂ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/6/18
       ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠵᠢᠯᠴᠢᠨ ᠤ ᠡᠪᠯᠡᠯ ᠤᠨ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠮᠡᠳᠡᠯᠭᠡ ᠪᠠᠷ ᠥᠷᠭᠡᠨ᠂ ᠲᠤᠬᠠᠶᠢᠯᠠᠭᠰᠠᠨ ᠠᠵᠢᠯ ᠤᠨ ᠮᠡᠷᠭᠡᠵᠢᠯ ᠢᠶᠠᠷ ᠴᠠᠭᠠᠷᠠᠭᠰᠠᠨ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢᠲᠠᠨ ᠢ ᠭᠤᠣᠯᠳᠠᠯᠭ᠎ᠠ ᠲᠠᠢ ᠬᠥᠮᠥᠵᠢᠭᠦᠯᠬᠦ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ 2024 ᠣᠨ ᠤ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ︽ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ︾ ᠶᠢᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠠᠩᠭᠢ ᠡᠬᠢᠯᠡᠪᠡ᠃ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠣᠯᠠᠨ ᠠᠵᠢᠯᠲᠠᠨ ᠲᠣᠰ ᠬᠤᠭᠤᠴᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠪᠠ᠃          ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠣᠨᠣᠯ ᠪᠠ ᠦᠢᠯᠡᠳᠦᠯᠭᠡ ᠶᠢ ᠤᠶᠠᠯᠳᠤᠭᠤᠯᠵᠤ᠂ ︽ᠣᠨᠣᠯ ᠤᠨ ᠵᠢᠯᠣᠭᠤᠳᠤᠯᠭ᠎ᠠ ᠶᠢᠨ ᠪᠣᠳᠠᠲᠠᠢ ᠠᠵᠢᠯᠯᠠᠭᠠᠨ ᠤ ᠬᠡᠷᠡᠭ ᠤᠨ ᠵᠢᠱᠢᠶ᠎ᠡ ᠶᠢ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ︾ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠲᠤᠰᠬᠠᠢ ᠰᠡᠳᠦᠪᠲᠦ ᠵᠢᠭᠠᠨ ᠰᠤᠷᠭᠠᠯᠲᠠ ᠬᠢᠵᠦ᠂ ᠠᠵᠢᠯ ᠤᠨ ᠳᠣᠲᠣᠷᠠᠬᠢ ᠲᠤᠰᠬᠠᠢ ᠮᠡᠷᠭᠡᠵᠢᠯᠲᠡᠨ ᠡᠷᠳᠡᠮᠲᠡᠳ ᠢ ᠤᠷᠢᠵᠤ ᠰᠡᠳᠬᠢᠴᠡ ᠶᠢᠨ ᠡᠷᠡᠭᠦᠯ ᠮᠡᠨᠳᠦ ᠶᠢᠨ ᠣᠨᠣᠯ ᠤᠨ ᠮᠡᠳᠡᠯᠭᠡ᠂ ᠦᠢᠯᠡᠳᠦᠯᠭᠡ ᠶᠢᠨ ᠤᠷ᠎ᠠ ᠴᠢᠳᠠᠪᠤᠷᠢ ᠵᠢᠴᠢ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠣᠯᠠᠨ ᠲᠠᠯ᠎ᠠ ᠶᠢᠨ ᠲᠣᠭᠤᠷᠢᠨ ᠳᠤ ᠬᠢᠴᠢᠶᠡᠯ ᠬᠢᠯᠭᠡᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠣᠨᠣᠯ ᠤᠨ ᠰᠠᠭᠤᠷᠢ᠂ ᠬᠡᠷᠡᠭᠯᠡᠭᠡᠨ ᠤ ᠤᠷ᠎ᠠ ᠮᠡᠷᠭᠡᠵᠢᠯ ᠵᠢᠴᠢ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠪᠠ᠃ ᠡᠭᠦᠨ ᠳᠤ ᠰᠡᠳᠬᠢᠴᠡ ᠶᠢᠨ ᠡᠷᠡᠭᠦᠯ ᠮᠡᠨᠳᠦ ᠶᠢ ᠦᠨᠡᠯᠡᠨ ᠵᠢᠱᠢᠬᠦ ᠠᠷᠭ᠎ᠠ᠂ ᠰᠡᠳᠬᠢᠴᠡ ᠶᠢᠨ ᠵᠥᠪᠯᠡᠯᠭᠡ ᠥᠭᠬᠦ ᠪᠣᠳᠠᠲᠤ ᠳᠠᠶᠢᠨ ᠤ ᠤᠷ᠎ᠠ ᠮᠡᠷᠭᠡᠵᠢᠯ ᠪᠣᠯᠣᠨ ᠰᠡᠳᠬᠢᠴᠡ ᠶᠢᠨ ᠡᠯᠡᠰᠦᠨ ᠲᠠᠪᠠᠭ ᠤᠨ ᠬᠡᠷᠡᠭᠯᠡᠯᠲᠡ ᠵᠡᠷᠭᠡ ᠲᠠᠯ᠎ᠠ ᠪᠠᠷ ᠰᠤᠷᠤᠭᠴᠢᠳ ᠲᠤ ᠨᠢᠭᠡ ᠢᠵᠢ ᠰᠢᠰᠲ᠋ᠧᠮ ᠪᠥᠭᠡᠳ ᠭᠦᠨᠵᠡᠭᠡᠢ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠪᠣᠯᠪᠠᠰᠤᠷᠠᠯ ᠬᠠᠩᠭᠠᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠱᠠᠭᠠᠷᠳᠠᠯᠭ᠎ᠠ ᠶᠣᠰᠣᠭᠠᠷ ᠤᠨᠤᠯ ᠤᠨ ᠰᠤᠷᠤᠯᠴᠠᠯᠭ᠎ᠠ ᠪᠠᠨ ᠪᠡᠶᠡᠯᠡᠭᠦᠯᠵᠦ᠂ ᠳᠤᠭᠤᠶᠢᠯᠠᠩ ᠬᠤᠪᠢᠶᠠᠨ ᠶᠠᠷᠢᠯᠴᠠᠨ᠎ᠠ᠃ ᠰᠢᠯᠭᠠᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ︽ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ ᠶᠢᠨ ᠲᠤᠰᠬᠠᠢ ᠴᠢᠳᠠᠪᠤᠷᠢ ᠶᠢᠨ ᠦᠨᠡᠮᠯᠡᠯ︾ ᠣᠯᠭᠤᠵᠤ᠂ ︽ᠬᠥᠮᠥᠨ ᠪᠦᠬᠦᠨ ᠦᠨᠡᠮᠯᠡᠯ ᠲᠠᠢ᠂ ᠤᠷ᠎ᠠ ᠴᠢᠳᠠᠪᠤᠷᠢ ᠶᠢᠨ ᠨᠡᠶᠢᠭᠡᠮ︾ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃            ᠲᠣᠰ ᠤᠳᠠᠭᠠᠨ ᠤ ᠰᠤᠷᠤᠯᠭ᠎ᠠ ᠡᠬᠢᠯᠡᠬᠦ ᠶᠣᠰᠣᠯᠠᠯ ᠢ ᠲᠡᠭᠦᠰ ᠠᠮᠵᠢᠯᠲᠠ ᠲᠠᠢ ᠶᠠᠪᠤᠭᠳᠠᠭᠤᠯᠤᠭᠰᠠᠨ ᠨᠢ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠤᠨ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠠᠵᠢᠯᠲᠠᠨ ᠠᠵᠢᠯᠴᠢᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ᠂ ᠬᠠᠨᠳᠤᠯᠭᠠᠲᠤ ᠴᠢᠨᠠᠷᠲᠠᠢ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠥᠷᠨᠢᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ  ᠴᠢᠳᠠᠪᠤᠷᠢᠲᠠᠨ ᠢ ᠬᠥᠮᠥᠵᠢᠭᠦᠯᠵᠦ᠂ ᠡᠷᠡᠭᠦᠯ ᠴᠢᠭᠢᠷᠠᠭ ᠰᠠᠶᠢᠬᠠᠨ᠂ ᠵᠣᠯ ᠵᠢᠷᠭᠠᠯᠲᠤ ᠰᠠᠶᠢᠬᠠᠨ᠂ ᠭᠡᠷᠡᠯ ᠭᠢᠯᠪᠠᠭ᠎ᠠ ᠪᠠᠨ ᠰᠠᠴᠤᠷᠠᠭᠤᠯᠬᠤ ᠳᠤ ᠬᠤᠪᠢ ᠨᠡᠮᠡᠷᠢ ᠦᠵᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号