ᠦᠨᠡᠨᠴᠢ ᠢᠲᠡᠭᠡᠮᠵᠢᠲᠡᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠤᠣᠷ ᠦᠭᠡᠢ ᠵᠢᠱᠢᠶ᠎ᠡ ᠦᠵᠡᠭᠦᠯᠬᠦ ᠬᠤᠲᠠ ᠶᠢ ᠬᠠᠮᠲᠤᠪᠠᠷ ᠴᠣᠭᠴᠠᠯᠠᠨ᠎ᠠ
ᠨᠡᠶᠢᠲᠡᠯᠡᠭᠰᠡᠨ ᠴᠠᠭ᠄
2024/6/18
       6 ᠰᠠᠷ᠎ᠠ ᠶᠢᠨ 14 ᠤ ᠡᠳᠦᠷ᠂ 17 ᠳ᠋ᠤᠭᠠᠷ ᠢᠲᠡᠭᠡᠮᠵᠢ ᠶᠢᠨ ᠲᠡᠮᠳᠡᠭᠯᠡᠯ ᠢ ᠬᠠᠯᠠᠮᠵᠢᠯᠠᠨ ᠬᠠᠶᠢᠷᠠᠯᠠᠬᠤ ᠡᠳᠦᠷ ᠢᠷᠡᠬᠦ ᠲᠠᠰᠢᠷᠠᠮ ᠢᠶᠠᠷ᠂ ᠰᠠᠶᠢᠬᠠᠨ ᠲᠣᠭᠤᠷᠢᠭ ᠤᠨ ᠬᠤᠣᠷ ᠴᠠᠭᠠᠵᠠᠯᠠᠬᠤ ᠠᠯᠪᠠᠨ ᠭᠡᠷ ︽ᠢᠲᠡᠭᠡᠮᠵᠢ ᠣᠯᠬᠤ ᠬᠠᠶᠢᠷ᠎ᠠ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠳᠤ ᠲᠤᠰᠠᠯᠠᠬᠤ︾ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠰᠠᠶᠢᠬᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ᠂ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠵᠣᠷᠢᠯᠭ᠎ᠠ ᠨᠢ ᠬᠤᠲᠠ ᠶᠢᠨ ᠠᠷᠠᠳ ᠤᠨ ᠬᠤᠣᠷᠲᠤ ᠡᠳ᠋ ᠤᠨ ᠬᠤᠣᠷ ᠬᠥᠨᠥᠭᠡᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠰᠠᠨᠠᠭᠠᠴᠢᠯᠠᠨ᠂ ᠬᠥᠬᠡᠬᠤᠲᠠ ᠶᠢᠨ ᠪᠥᠬᠦ ᠤᠯᠤᠰ ᠤᠨ ᠬᠤᠣᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠠᠮᠲᠤ ᠪᠠᠷ ᠬᠦᠴᠦᠨ ᠨᠡᠮᠡᠷᠢᠯᠡᠬᠦ ᠶᠢᠨ ᠲᠥᠯᠥᠭᠡ ᠶᠤᠮ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠮᠪᠠᠷ᠎ᠠ ᠬᠥᠮᠥᠰ ᠤᠨ ᠠᠩᠬᠠᠷᠤᠯ ᠢ ᠲᠠᠲᠠᠵᠤ᠂ ᠬᠤᠣᠷᠲᠤ ᠡᠳ᠋ ᠤᠨ ᠲᠥᠷᠥᠯ ᠵᠦᠢᠯ᠂ ᠬᠤᠣᠷ ᠬᠥᠨᠥᠭᠡᠯ ᠵᠢᠴᠢ ᠤᠷᠢᠳᠴᠢᠯᠠᠨ ᠰᠡᠷᠭᠡᠶᠢᠯᠡᠬᠦ ᠡᠮ ᠢ ᠳᠤᠷ᠎ᠠ ᠪᠠᠷ ᠢᠶᠠᠨ ᠬᠡᠷᠡᠭᠯᠡᠬᠦ ᠬᠠᠮᠢᠶ᠎ᠠ ᠪᠦᠬᠦᠢ ᠮᠡᠳᠡᠯᠭᠡ ᠶᠢ ᠠᠮᠢᠳᠤᠯᠢᠭ ᠢᠶᠠᠷ ᠳᠡᠯᠭᠡᠨ ᠦᠵᠡᠭᠦᠯᠪᠡ᠃ ᠰᠠᠶᠢᠬᠠᠨ ᠲᠣᠭᠤᠷᠢᠭ ᠤᠨ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠤᠨ ᠠᠵᠢᠯᠲᠠᠳ ᠢᠳᠡᠪᠬᠢᠲᠡᠢ ᠪᠠᠷ ᠬᠤᠲᠠ ᠶᠢᠨ ᠠᠷᠠᠳ ᠲᠤ ᠬᠤᠣᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠡᠳᠡᠨ ᠤ ᠮᠠᠳᠠᠭ ᠲᠠᠢ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠪᠡ᠃ ᠬᠤᠣᠷᠲᠤ ᠡᠳ᠋ ᠦᠢᠯᠡᠳᠬᠦ ᠳᠤ ᠠᠮᠠᠷᠬᠠᠨ ᠠᠵᠤ ᠠᠬᠤᠶᠢᠯᠠᠯ ᠤᠨ ᠨᠢᠭᠡᠴᠡ ᠶᠢᠨ ᠬᠠᠮᠢᠶᠠᠷᠤᠯᠲᠠ ᠶᠢᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠠᠵᠤ ᠠᠬᠤᠶᠢᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭᠠᠲᠠᠨ ᠳᠤ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠪᠠ ᠢᠲᠡᠭᠡᠮᠵᠢ ᠶᠢᠨ ᠲᠡᠮᠳᠡᠭᠯᠡᠯ ᠤᠨ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠵᠠᠢ᠃                ᠠᠵᠢᠯᠯᠠᠭ᠎ᠠ ᠳᠤ ᠪᠠᠰᠠ ᠤᠷᠢᠳᠴᠢᠯᠠᠨ ᠰᠡᠷᠭᠡᠶᠢᠯᠡᠬᠦ ᠡᠮ ᠢ ᠳᠤᠷ᠎ᠠ ᠪᠠᠷ ᠢᠶᠠᠨ ᠬᠡᠷᠡᠭᠯᠡᠬᠦ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ ᠥᠷᠨᠢᠭᠦᠯᠵᠦ᠂ ᠬᠤᠲᠠ ᠶᠢᠨ ᠠᠷᠠᠳ ᠢᠳᠡᠪᠬᠢᠲᠡᠢ ᠣᠷᠣᠯᠴᠠᠵᠤ᠂ ᠣᠯᠠᠨ ᠤ ᠬᠤᠣᠷᠲᠤ ᠡᠳ᠋ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠬᠤᠳᠠ ᠶᠢᠨ ᠠᠷᠠᠳ ᠪᠣᠯᠣᠨ ᠠᠵᠤ ᠠᠬᠤᠶᠢᠯᠠᠯ ᠤᠨ ᠠᠵᠢᠯᠲᠠᠨ ᠤ ᠰᠠᠶᠢᠨ ᠦᠨᠡᠯᠡᠯᠲᠡ ᠶᠢ ᠣᠯᠵᠠᠢ᠃          ᠲᠣᠰ ᠤᠳᠠᠭᠠᠨ ᠤ ᠠᠵᠢᠯᠯᠠᠭ᠎ᠠ ᠬᠤᠲᠠ ᠶᠢᠨ ᠠᠷᠠᠳ ᠤᠨ ᠬᠤᠣᠷᠲᠤ ᠡᠳ᠋ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠲᠠᠨᠢᠬᠤ᠂ ᠬᠤᠣᠷ ᠢ ᠰᠡᠷᠭᠡᠶᠢᠯᠡᠬᠦ᠂ ᠬᠤᠣᠷ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠬᠤᠣᠷᠲᠤ ᠡᠳ᠋ ᠦᠢᠯᠡᠳᠬᠦ ᠳᠤ ᠠᠮᠠᠷᠬᠠᠨ ᠠᠵᠤ ᠠᠬᠤᠶᠢᠯᠠᠯ ᠤᠨ ᠨᠢᠭᠡᠴᠡ ᠳᠤ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠲᠤᠬᠠᠢ ᠨᠠᠩ ᠭᠦᠨ ᠳᠠᠪᠬᠤᠷᠭ᠎ᠠ ᠶᠢᠨ ᠣᠶᠢᠯᠠᠭᠠᠯᠲᠠ ᠪᠠ ᠲᠠᠨᠢᠯᠲᠠ ᠲᠠᠢ ᠪᠣᠯᠭᠠᠪᠠ᠃ ᠢᠷᠡᠭᠡᠳᠦᠢ ᠳᠤ᠂ ᠰᠠᠶᠢᠬᠠᠨ ᠲᠣᠭᠤᠷᠢᠭ ᠤᠨ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠬᠤᠣᠷ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠬᠢᠵᠢᠭᠦᠯᠵᠦ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠢ ᠰᠠᠬᠢᠨ ᠬᠠᠮᠠᠭᠠᠯᠠᠵᠤ᠂ ᠪᠥᠬᠦ ᠤᠯᠤᠰ ᠤᠨ ᠬᠤᠣᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠰᠠᠶᠢᠬᠠᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号