ᠴᠡᠭ ᠢᠶᠠᠷ ᠨᠡᠶᠢᠳᠡᠮ ᠢ ᠳᠠᠶᠢᠴᠢᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2024/6/18
     ᠨᠢᠭᠡ ᠡᠷᠳᠡᠮᠲᠡᠨ ᠡᠶᠢᠮᠦ ᠨᠢᠭᠡ ᠦᠯᠢᠭᠡᠷ ᠢ ᠶᠠᠷᠢᠵᠤ ᠥᠩᠭᠡᠷᠡᠵᠡᠢ᠄  ᠵᠣᠪ ᠵᠤᠵᠠᠭᠠᠨ ᠮᠥᠰᠥ ᠬᠥᠯᠳᠡᠭᠰᠡᠨ ᠭᠤᠣᠯ ᠠᠴᠠ ᠬᠡᠷᠬᠢᠨ ᠤᠰᠤ ᠭᠠᠷᠭᠠᠵᠤ ᠠᠪᠬᠤ ᠪᠤᠢ︖ ᠠᠷᠭ᠎ᠠ ᠨᠢ ᠭᠡᠪᠡᠯ᠂ ᠨᠢᠭᠡ ᠴᠡᠭ ᠢ ᠡᠷᠢᠵᠦ ᠣᠯᠣᠭᠠᠳ ᠬᠦᠴᠦ ᠪᠠᠨ ᠲᠥᠪᠯᠡᠷᠡᠭᠦᠯᠵᠦ ᠴᠣᠬᠢᠨ᠎ᠠ᠂ ᠴᠠᠷᠢᠯ ᠢᠶᠠᠷ ᠭᠦᠨ ᠬᠠᠳᠬᠤᠪᠠᠯ ᠡᠷᠭᠢᠨ ᠲᠣᠭᠤᠷᠢᠨ ᠤ ᠮᠥᠰᠥᠨ ᠪᠦᠷᠬᠦᠭᠡᠰᠦ ᠶᠢ ᠰᠡᠬᠦᠵᠦ ᠲᠠᠶᠢᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠬᠤ ᠳᠤ ᠴᠤ ᠡᠶᠢᠮᠦ ᠪᠠᠶᠢᠳᠠᠭ᠃ ᠴᠢᠭᠯᠡᠯ ᠢᠶᠠᠨ ᠲᠣᠭᠲᠠᠭᠠᠨ᠂ ᠬᠦᠴᠦᠨ ᠢᠶᠠᠨ ᠲᠥᠪᠯᠡᠷᠡᠭᠦᠯᠵᠦ᠂ ᠠᠯᠢ ᠲᠦᠷᠭᠡᠨ ᠢᠶᠠᠷ ᠨᠢᠭᠡ ᠬᠤᠶᠠᠷ ᠴᠡᠭ ᠳᠡᠭᠡᠷ᠎ᠡ ᠰᠢᠪᠲᠤᠯᠤᠯᠲᠠ ᠭᠠᠷᠭᠠᠵᠤ᠂︽ᠡᠬᠢᠯᠡᠨ ᠭᠦᠶᠦᠮᠡᠭᠴᠡ ᠪᠠᠨ ᠲᠦᠷᠦᠭᠦᠯᠡᠪᠡᠯ︾᠂  ᠮᠥᠰᠥ ᠶᠢ ᠬᠠᠭᠠᠯᠤᠨ ᠤᠰᠤ ᠭᠠᠷᠭᠠᠵᠤ᠂ ᠨᠡᠩ ᠶᠡᠭᠡ ᠳᠡᠭᠲᠡᠷ ᠲᠤ ᠭᠠᠷᠴᠤ ᠴᠢᠳᠠᠨ᠎ᠠ᠃      ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠥᠰᠢᠭᠦᠷᠭᠡ ᠮᠡᠲᠦ ᠪᠠᠶᠢᠵᠤ᠂ ᠶᠡᠷᠦ ᠨᠢ ᠬᠥᠮᠥᠰ ᠤᠨ ᠰᠠᠨᠠᠭᠠᠨ ᠳᠤ ᠣᠷᠣᠮ᠎ᠠ ᠦᠭᠡᠢ ᠬᠦᠴᠦᠷᠬᠡᠭ ᠶᠡᠭᠡ ᠬᠦᠴᠦᠨ ᠴᠢᠳᠠᠯ ᠢ ᠪᠠᠳᠠᠷᠠᠭᠤᠯᠵᠤ ᠴᠢᠳᠠᠳᠠᠭ᠃ ᠤᠮᠠᠷᠠᠲᠤ ᠶᠢᠨ ᠡᠬᠡ ᠭᠠᠵᠠᠷ ᠢ ᠪᠠᠷᠠᠯᠠᠬᠤᠶ᠎ᠠ᠂ ᠬᠥᠪᠴᠢ ᠶᠢᠨ ᠡᠯᠡᠰᠦ ᠶᠢᠨ ᠣᠷᠳᠣᠰ ᠤᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠳᠤ᠂ ᠭᠦᠪᠡᠭᠡ ᠬᠢᠵᠠᠭᠠᠷ ᠨᠢ ᠬᠠᠷᠠᠭᠳᠠᠬᠤ ᠦᠭᠡᠢ ᠬᠥᠬᠡ ᠥᠩᠭᠡ ᠶᠢᠨ ᠭᠡᠷᠡᠯᠴᠢ ᠴᠡᠨᠡᠭ ᠤᠨ ᠬᠠᠪᠲᠠᠰᠤ ᠨᠡᠷᠡᠨ ᠤ ᠭᠡᠷᠡᠯ ᠳᠤ ᠭᠢᠯᠠᠯᠵᠠᠵᠤ᠂ ᠰᠦᠷᠯᠢᠭ ᠰᠠᠶᠢᠬᠠᠨ ᠬᠠᠷᠠᠬᠳᠠᠨ᠎ᠠ; ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠡᠭᠦᠨ ᠰᠥᠨᠢᠳ ᠤᠨ ᠪᠠᠶᠠᠨ᠋ᠠ᠋ᠭᠤᠯᠠ ᠳᠠᠬᠢ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠭᠢᠯᠭᠠᠨ ᠢ ᠨᠥᠭᠡᠴᠡᠯᠡᠬᠦ ᠲᠥᠷᠥᠯ ᠵᠦᠢᠯ ᠨᠢ ᠠᠷᠠᠯᠵᠢᠶᠠᠨ ᠳᠤ ᠣᠷᠣᠵᠤ᠂ ᠤᠯᠤᠰ ᠲᠤ ᠦᠢᠯᠡᠳᠪᠦᠷᠢᠯᠡᠭᠰᠡᠨ ᠬᠠᠭᠤᠷᠠᠢ ᠳᠡᠭᠡᠷᠡᠬᠢ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠴᠢᠳᠠᠮᠵᠢ ᠶᠢᠨ ᠲᠡᠮᠳᠡᠭᠯᠡᠯ ᠢ ᠰᠢᠨᠡᠳᠭᠡᠪᠡ; ᠪᠦᠭᠦ ᠤᠯᠤᠰ ᠤᠨ ᠴᠤᠷ ᠤᠨ ᠭᠠᠭᠴᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠰᠢᠭᠯᠠᠯᠲᠠ ᠳᠤ ᠣᠷᠣᠭᠠᠳ ᠤᠳᠠᠭᠠᠳᠤᠢ ᠪᠠᠷ ᠠᠯᠢ ᠤᠯᠠᠨ ᠴᠢᠬᠤᠯᠠ ᠶᠡᠭᠡ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠣᠯᠵᠠᠢ ᠁ ᠰᠢᠨ᠎ᠡ ᠬᠤᠪᠢᠷᠠᠯᠲᠠ ᠶᠢ ᠡᠷᠢᠯᠬᠢᠯᠡᠵᠦ ᠪᠠᠶᠢᠭ᠎ᠠ ᠰᠢᠨ᠎ᠡ ᠴᠠᠭ ᠦᠶ᠎ᠡ ᠳᠤ᠂ ᠥᠪᠥᠷ ᠮᠣᠩᠭᠤᠯ ︽ᠰᠢᠨᠵᠢᠯᠡᠬᠦ ᠤᠬᠠᠭᠠᠨ ᠲᠸᠭᠨᠢᠡ ᠮᠡᠷᠭᠡᠵᠢᠯ ᠤᠨ ᠰᠢᠪᠲᠤᠯᠤᠯᠲᠠ︾ ᠶᠢᠨ ᠢᠨᠵᠧᠨᠧᠷᠢᠩ ᠢ ᠪᠦᠭᠦ ᠬᠦᠴᠦ ᠪᠠᠷ ᠢᠶᠠᠨ ᠬᠡᠷᠡᠭᠵᠢᠭᠦᠯᠵᠦ᠂ ︽ᠴᠡᠭ︾ ᠤᠨ ᠰᠢᠪᠲᠤᠯᠤᠯᠲᠠ ᠪᠠᠷ ︽ᠨᠡᠶᠢᠳᠡᠮ︾ ᠤᠨ ᠳᠡᠭᠡᠭᠰᠢᠯᠡᠯᠲᠡ ᠶᠢ ᠳᠠᠶᠢᠴᠢᠯᠠᠵᠤ᠂ ᠰᠢᠨᠵᠢᠯᠡᠬᠦ ᠤᠬᠠᠭᠠᠨ ᠲᠸᠭᠨᠢᠡ ᠮᠡᠷᠭᠡᠵᠢᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠪᠠᠶᠢᠨ᠎ᠠ᠃      ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠴᠢᠨᠠᠷ ᠢ ᠤᠯᠠᠨ ᠢᠶᠠᠷ ᠢᠶᠠᠨ ᠮᠡᠳᠡᠳᠡᠭ᠂ ᠲᠡᠭᠡᠪᠡᠯ ᠬᠡᠷᠬᠢᠨ ᠮᠥᠰᠥ ᠶᠢ ᠬᠠᠭᠠᠯᠤᠨ ᠪᠦᠰᠡᠯᠡᠯᠲᠡ ᠶᠢ ᠰᠢᠪᠲᠤᠯᠬᠤ ᠪᠤᠢ︖ ᠳᠠᠷᠤᠢ ᠴᠡᠭ ᠳᠡᠭᠡᠷ᠎ᠡ ︽ᠡᠬᠢᠯᠡᠨ ᠭᠦᠶᠦᠮᠡᠭᠴᠡ ᠪᠠᠨ ᠲᠦᠷᠦᠭᠦᠯᠡᠬᠦ︾ ᠪᠠᠷ ᠴᠢᠷᠮᠠᠶᠢᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠬᠥᠭᠵᠢᠭᠦᠯᠵᠦ᠂ ᠠᠵᠤ ᠦᠢᠯᠡᠰ ᠢ ᠳᠡᠭᠡᠭᠰᠢᠯᠡᠭᠦᠯᠭᠦ ᠬᠡᠷᠡᠭᠲᠡᠢ᠃ ᠥᠪᠥᠷ ᠮᠣᠩᠭᠤᠯ ᠬᠢᠵᠠᠭᠠᠯᠠᠰᠢ ᠦᠭᠡᠢ ᠥᠩᠭᠡ ᠦᠵᠡᠮᠵᠢ ᠲᠠᠢ᠂ ᠭᠠᠵᠠᠷ ᠳᠡᠭᠡᠷ᠎ᠡ ᠪᠠᠨ ᠡᠯᠪᠡᠭ ᠳᠡᠯᠪᠡᠭ ᠡᠳ᠋ ᠭᠠᠷᠤᠯᠲᠠ ᠲᠠᠢ᠂ ᠭᠠᠵᠠᠷ ᠳᠣᠣᠷ᠎ᠠ ᠪᠠᠨ ᠡᠯᠪᠡᠭ ᠪᠠᠶᠠᠯᠢᠭ ᠠᠭᠤᠷᠬᠠᠢ ᠶᠢᠨ ᠪᠤᠯᠠᠭᠳᠠᠴᠠ ᠲᠠᠢ᠂ ᠡᠬᠢ ᠪᠠᠶᠠᠯᠢᠭ ᠤᠨ ᠲᠣᠭᠤᠷᠢᠨ ᠳᠤ ᠰᠢᠨ᠎ᠡ ᠶᠢ ᠡᠭᠦᠳᠴᠦ᠂ ᠣᠨᠴᠠᠯᠢᠭ ᠤᠨ ᠲᠣᠭᠤᠷᠢᠨ ᠳᠤ ᠰᠢᠨ᠎ᠡ ᠶᠢ ᠡᠭᠦᠳᠴᠦ᠂ ᠳᠠᠪᠠᠭᠤᠯᠢᠭ ᠤᠨ ᠲᠣᠭᠤᠷᠢᠨ ᠳᠤ ᠰᠢᠨ᠎ᠡ ᠶᠢ ᠡᠭᠦᠳᠴᠦ᠂ ᠴᠡᠭ ᠳᠡᠭᠡᠷ᠎ᠡ ᠬᠦᠴᠦᠯᠡᠵᠦ᠂ ᠬᠡᠯᠬᠢᠶ᠎ᠡ ᠳᠡᠭᠡᠷ᠎ᠡ ᠭᠦᠨᠵᠡᠭᠡᠢ ᠬᠦᠴᠦᠯᠡᠵᠦ᠂ ᠪᠦᠭᠦ ᠲᠠᠯ᠎ᠠ ᠪᠠᠷ ᠠᠬᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠨᠡᠮᠡᠷᠢᠯᠡᠬᠦ ᠬᠡᠷᠡᠭᠲᠡᠢ᠃      ᠶᠠᠮᠠᠷ ᠶᠠᠪᠤᠳᠠᠯ ᠢ ᠴᠦ ᠭᠡᠳ ᠬᠢᠵᠦ ᠪᠠᠶᠢᠭᠠᠳ ᠪᠦᠲᠦᠭᠡᠬᠦ ᠠᠴᠠ ᠪᠢᠰᠢ᠂ ᠬᠦᠯᠢᠶᠡᠵᠦ ᠪᠠᠶᠢᠭᠠᠳ ᠣᠯᠳᠠᠭ ᠠᠮᠵᠢᠯᠲᠠ ᠭᠡᠵᠦ ᠪᠠᠶᠢᠳᠠᠭ ᠦᠭᠡᠢ᠃ ᠴᠡᠭ ᠢᠶᠠᠷ ᠨᠡᠶᠢᠳᠡᠮ ᠢ ᠲᠠᠶᠢᠴᠢᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠳᠤ ᠬᠠᠮᠤᠭ ᠤᠨ ᠴᠢᠬᠤᠯᠠ ᠨᠢ ᠪᠣᠳᠠᠲᠠᠢ ᠬᠢᠬᠦ ᠶᠢ ᠲᠡᠷᠢᠭᠦᠨ ᠳᠤ ᠲᠠᠯᠪᠢᠵᠤ᠂ ᠪᠣᠳᠠᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠵᠠᠩᠭᠢᠯᠠᠭ᠎ᠠ ᠶᠢᠨ ᠬᠦᠷᠢᠶ᠎ᠡ ᠶᠢ ᠠᠳᠬᠤᠵᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠵᠣᠷᠢᠭᠲᠠᠢ ᠪᠠᠷ ᠬᠠᠲᠠᠭᠤ ᠠᠷᠭ᠎ᠠ ᠠᠪᠴᠤ᠂ ᠬᠦᠴᠦ ᠭᠦᠳᠡᠯᠮᠦᠷᠢ ᠪᠠᠨ ᠬᠠᠷᠠᠮ ᠦᠭᠡᠢ ᠵᠣᠷᠢᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ ᠪᠠᠷ ᠰᠢᠪᠲᠤᠯᠤᠯᠲᠠ ᠭᠠᠷᠭᠠᠵᠤ᠂ ᠵᠣᠷᠢᠭᠲᠠᠢ ᠬᠢᠵᠦ ᠵᠣᠷᠢᠭᠲᠠᠢ ᠡᠭᠦᠳᠦᠨ ᠪᠦᠲᠦᠭᠡᠵᠦ᠂ ᠴᠤᠴᠠᠯᠲᠠ ᠦᠭᠡᠢ ᠴᠢᠷᠮᠠᠶᠢᠵᠤ᠂ ᠪᠢᠳᠡᠨ ᠳᠤ ᠤᠷᠢᠳ ᠢᠶᠠᠷ ᠬᠥᠭᠵᠢᠬᠦ ᠳᠠᠪᠠᠭᠤᠯᠢᠭ ᠢ ᠪᠠᠶᠢᠭᠤᠯᠬᠤ ᠢᠲᠡᠭᠡᠯ ᠵᠣᠷᠢᠭ᠂ ᠴᠢᠳᠠᠪᠤᠷᠢ ᠲᠠᠢ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠡᠯᠪᠡᠭ ᠦᠷ᠎ᠡ ᠪᠦᠲᠦᠭᠡᠯ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠰᠢᠨ᠎ᠡ︾ ᠥᠷᠨᠢᠯᠲᠡ ᠶᠢ ᠲᠡᠮᠡᠴᠡᠨ ᠣᠯᠬᠤ ᠬᠡᠷᠡᠭᠲᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号