ᠠᠷᠠᠳ ᠲᠦᠮᠡᠨ ᠤ ᠳᠤᠮᠳᠠ ᠦᠨᠳᠦᠰᠦᠯᠡᠵᠦ ᠠᠷᠠᠳ ᠲᠦᠮᠡᠨ ᠤ ᠲᠥᠯᠥᠭᠡ ᠳᠠᠭᠤᠯᠠᠨ᠎ᠠ
ᠨᠡᠶᠢᠲᠡᠯᠡᠭᠰᠡᠨ ᠴᠠᠭ᠄
2024/6/18
     - ︽2024 ᠪᠦᠭᠦ ᠣᠷᠣᠨ ᠤ ᠤᠯᠠᠭᠠᠨᠮᠥ᠋ᠴᠢᠷ ᠤᠨ ᠰᠠᠷ᠎ᠠ︾ ᠶᠢᠨ ᠠᠵᠢᠯᠯᠠᠭ᠎ᠠ ᠡᠬᠢᠯᠡᠬᠦ ᠲᠠᠰᠢᠷᠠᠮ ᠳᠤ      1957 ᠣᠨ ᠤ 6 ᠰᠠᠷ᠎ᠠ ᠶᠢᠨ 17 ᠤ ᠡᠳᠦᠷ ᠰᠢᠯᠢ ᠶᠢᠨ ᠭᠤᠣᠯ ᠤᠨ ᠲᠠᠯ᠎ᠠ ᠨᠤᠲᠤᠭ ᠲᠤ ᠤᠯᠠᠭᠠᠨᠮᠥ᠋ᠴᠢᠷ ᠠᠩᠬᠠᠯᠠᠨ ᠪᠠᠶᠢᠭᠤᠯᠤᠭᠳᠠᠵᠤ᠂ ᠲᠡᠳᠡ ᠬᠥᠬᠡ ᠲᠡᠭᠷᠢ ᠪᠠᠷ ᠬᠥᠰᠢᠭᠡ ᠪᠠᠨ ᠪᠣᠯᠭᠠᠨ᠂ ᠬᠥᠷᠥᠰᠥᠲᠦ ᠳᠡᠯᠡᠬᠡᠢ ᠪᠠᠷ ᠲᠠᠶᠢᠰᠠ ᠪᠠᠨ ᠪᠤᠯᠭᠠᠵᠤ᠂ ᠥᠷᠭᠡᠨ ᠤᠯᠠᠨ ᠲᠦᠮᠡᠨ ᠳᠤ ᠪᠠᠶᠠᠷ ᠪᠠᠶᠠᠰᠤᠯ ᠪᠠ ᠦᠢᠯᠡᠴᠢᠯᠡᠭᠡ ᠬᠠᠩᠭᠠᠵᠤ ᠡᠬᠢᠯᠡᠪᠡ᠃ 2018 ᠣᠨ ᠠᠴᠠ ᠡᠬᠢᠯᠡᠨ ᠵᠢᠯ ᠪᠣᠯᠭᠠᠨ ᠤ 6 ᠰᠠᠷ᠎ᠠ ᠶᠢᠨ 17 ᠤ ᠡᠳᠦᠷ ᠠᠴᠠ ᠪᠦᠭᠦ ᠣᠷᠣᠨ ᠤ ᠡᠯ᠎ᠡ ᠤᠯᠠᠭᠠᠨᠮᠥ᠋ᠴᠢᠷ ᠤᠨ ᠬᠢᠨ ᠨᠢᠭᠡ ᠰᠠᠷ᠎ᠠ ᠶᠢᠨ ᠬᠤᠭᠤᠴᠠᠭ᠎ᠠ ᠲᠠᠢ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠬᠦ ᠪᠣᠯᠵᠠᠢ᠃      2022 ᠣᠨ ᠤ ᠬᠠᠪᠤᠷ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠭᠦ ᠣᠷᠣᠨ ᠤ ᠤᠯᠠᠭᠠᠨᠮᠥ᠋ᠴᠢᠷ ᠰᠤᠷᠤᠯᠴᠠᠯᠭ᠎ᠠ ᠪᠣᠯᠪᠠᠰᠤᠷᠠᠯ᠂ ᠠᠭᠤᠯᠭ᠎ᠠ ᠶᠢᠨ ᠵᠣᠬᠢᠶᠠᠨ ᠪᠦᠲᠦᠭᠡᠯᠭᠡ᠂ ᠲᠣᠬᠯᠠᠯᠲᠠ ᠦᠢᠯᠡᠴᠢᠯᠡᠭᠡ ᠵᠡᠷᠭᠡ ᠭᠤᠷᠪᠠᠨ ᠭᠤᠣᠯ ᠡᠭᠦᠷᠭᠡ ᠶᠢᠨ ᠲᠣᠭᠤᠷᠢᠨ ᠳᠤ ︽ᠰᠤᠷᠤᠯᠴᠠᠬᠤ · ᠵᠣᠬᠢᠶᠠᠨ ᠪᠦᠲᠦᠭᠡᠬᠦ ·ᠲᠣᠭᠯᠠᠬᠤ︾ ᠠᠵᠢᠯᠯᠠᠭ᠎ᠠ ᠥᠷᠨᠢᠭᠦᠯᠪᠡ᠃ ᠡᠨᠡ ᠵᠢᠯ ᠤᠨ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠳᠤ ᠪᠦᠭᠦ ᠣᠷᠣᠨ ᠤ ᠡᠯ᠎ᠡ ᠤᠯᠠᠭᠠᠨᠮᠥ᠋ᠴᠢᠷ ᠤᠨ ᠬᠢᠨ ︽ᠰᠤᠷᠤᠯᠴᠠᠯᠭ᠎ᠠ · ᠵᠣᠬᠢᠶᠠᠨ ᠪᠦᠲᠦᠭᠡᠯᠭᠡ ·ᠲᠣᠬᠯᠠᠯᠲᠠ︾ ᠶᠢᠨ ᠤᠳᠬ᠎ᠠ ᠤᠷᠠᠯᠢᠭ ᠤᠨ ᠬᠠᠷᠢᠭᠤᠯᠲᠠ ᠶᠢᠨ ᠬᠠᠭᠤᠳᠠᠰᠤ ᠶᠢ ᠠᠪᠴᠤ᠂ ᠦᠨᠳᠦᠰᠦᠨ ᠱᠠᠲᠤᠨ ᠳᠤ ᠳᠠᠬᠢᠨᠲᠠ ᠭᠦᠨᠵᠡᠭᠡᠶᠢᠷᠡᠨ ᠥᠷᠭᠡᠨ ᠣᠯᠠᠨ ᠠᠷᠠᠳ ᠲᠦᠮᠡᠨ ᠳᠤ ᠪᠠᠶᠠᠷ ᠪᠠᠶᠠᠰᠤᠯ ᠬᠦᠷᠭᠡᠬᠦ ᠪᠣᠯᠣᠨ᠎ᠠ᠃      ︽ᠰᠤᠷᠤᠯᠴᠠᠬᠤ︾ ᠪᠠᠷ ᠰᠦᠭ ᠰᠦᠨᠡᠰᠦ ᠶᠢ ᠱᠤᠭᠤᠵᠤ ᠣᠨᠣᠯ ᠪᠣᠯᠣᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠪᠡ      ︽ᠰᠤᠷᠤᠯᠴᠠᠬᠤ ·ᠵᠣᠬᠢᠶᠠᠨ ᠪᠦᠲᠦᠭᠡᠬᠦ ·ᠲᠣᠭᠯᠠᠬᠤ︾ ᠳᠤ ᠰᠤᠷᠤᠯᠴᠠᠬᠤ ᠪᠣᠯ ᠲᠡᠷᠢᠭᠦᠨ ᠴᠢᠬᠤᠯᠠ ᠶᠤᠮ᠃ 2023 ᠣᠨ ᠳᠤ ᠪᠦᠭᠦ ᠣᠷᠣᠨ ᠤ ᠡᠯ᠎ᠡ ᠤᠯᠠᠭᠠᠨᠮᠥ᠋ᠴᠢᠷ ᠤᠨ ᠬᠢᠨ ᠨᠠᠮ ᠤᠨ ᠰᠢᠨ᠎ᠡ ᠶᠢ ᠡᠭᠦᠳᠦᠭᠰᠡᠨ ᠣᠨᠣᠯ ᠢ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠣᠯᠠᠨ ᠭᠡᠯᠪᠡᠷᠢ ᠪᠠᠷ ᠪᠦᠭᠦᠨ ᠢ ᠬᠠᠮᠤᠷᠴᠤ ᠨᠡᠶᠢᠳᠡ 1800 ᠭᠠᠷᠤᠢ ᠤᠳᠠᠭ᠎ᠠ ᠣᠨᠣᠯ ᠤᠨ ᠰᠤᠷᠤᠯᠴᠠᠯᠭ᠎ᠠ ᠬᠢᠵᠡᠢ᠃      ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ︽ᠨᠠᠢᠮᠠᠨ ᠨᠢᠭᠡ︾ ᠶᠢᠨ ᠰᠤᠷᠤᠯᠴᠠᠬᠤ ᠳᠦᠷᠢᠮ ᠢ ᠲᠣᠭᠲᠠᠭᠠᠪᠠ᠂ ᠲᠤᠬᠠᠶᠢᠯᠠᠪᠠᠯ ᠡᠳᠦᠷ ᠪᠦᠷᠢ ᠨᠢᠭᠡ ᠴᠠᠭ ᠥᠪᠡᠷ ᠢᠶᠠᠨ ᠰᠤᠷᠤᠯᠴᠠᠵᠤ᠂ ᠭᠠᠷᠠᠭ ᠪᠦᠷᠢ ᠨᠢᠭᠡ ᠤᠳᠠᠭ᠎ᠠ ᠬᠠᠮᠲᠤ ᠪᠠᠷ ᠰᠤᠷᠤᠯᠴᠠᠨ᠂ ᠰᠠᠷ᠎ᠠ ᠪᠣᠯᠭᠠᠨ ᠤᠨᠤᠯ ᠰᠤᠷᠤᠯᠴᠠᠬᠤ ᠭᠤᠣᠯ ᠳᠤᠭᠤᠶᠢᠯᠠᠩ ᠢᠶᠠᠷ ᠢᠶᠠᠨ ᠨᠢᠭᠡ ᠤᠳᠠᠭ᠎ᠠ ᠰᠤᠷᠤᠯᠴᠠᠨ ᠰᠤᠳᠤᠯᠤᠨ ᠶᠠᠷᠢᠯᠴᠠᠵᠤ᠂ ᠰᠠᠷ᠎ᠠ ᠪᠣᠯᠭᠠᠨ ᠨᠢᠭᠡ ᠤᠳᠠᠭ᠎ᠠ ᠰᠣᠷᠢᠯᠲᠠ ᠬᠢᠵᠦ᠂ ᠰᠠᠷ᠎ᠠ ᠪᠣᠯᠭᠠᠨ ᠨᠢᠭᠡ ᠤᠳᠠᠭ᠎ᠠ ᠬᠠᠷᠢᠯᠴᠠᠨ ᠰᠣᠯᠢᠯᠴᠠᠵᠤ ᠰᠤᠳᠤᠯᠤᠨ ᠶᠠᠷᠢᠯᠴᠠᠵᠤ᠂ ᠰᠠᠷ᠎ᠠ ᠪᠣᠯᠭᠠᠨ ᠨᠢᠭᠡ ᠤᠳᠠᠭ᠎ᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠦᠨ᠂ ᠨᠠᠮ ᠤᠨ ᠡᠭᠦᠷ ᠤᠨ ᠱᠦᠵᠢ ᠬᠠᠭᠠᠰ ᠵᠢᠯ ᠳᠤ ᠨᠢᠭᠡ ᠤᠳᠠᠭ᠎ᠠ ᠨᠠᠮ ᠤᠨ ᠬᠢᠴᠢᠶᠡᠯ ᠣᠷᠣᠵᠤ᠂ ᠬᠠᠭᠠᠰ ᠵᠢᠯ ᠳᠤ ᠨᠢᠭᠡ ᠤᠳᠠᠭ᠎ᠠ ᠲᠤᠰᠬᠠᠢ ᠮᠡᠷᠭᠡᠵᠢᠯᠲᠡᠨ ᠤᠷᠢᠵᠤ ᠬᠢᠴᠢᠶᠡᠯ ᠵᠢᠭᠠᠯᠭᠠᠵᠠᠢ᠃ ᠣᠨᠣᠯ ᠤᠨ ᠰᠤᠷᠤᠯᠴᠠᠯᠭ᠎ᠠ ᠳᠤ ᠤᠯᠤᠰ ᠲᠥᠷᠥ ᠣᠨᠣᠯ ᠤᠨ ᠬᠡᠪ ᠪᠣᠯᠪᠠᠰᠤᠷᠠᠯ ᠢ ᠴᠢᠩᠭᠠᠳᠬᠠᠬᠤ ᠪᠠᠷ ᠳᠠᠮᠵᠢᠨ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠨᠠᠩ ᠳᠡᠭᠡᠭᠰᠢᠯᠡᠭᠦᠯᠵᠡᠢ᠃      ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠨᠢ ᠰᠢᠯᠢᠳᠡᠭ ᠤᠳᠬ᠎ᠠ ᠤᠷᠠᠯᠢᠭ ᠢ ᠦᠨᠳᠦᠰᠦᠨ ᠱᠠᠲᠤᠨ ᠳᠤ ᠬᠦᠷᠭᠡᠬᠦ ᠳᠤ ᠬᠦᠴᠦᠨ ᠴᠢᠳᠠᠯ ᠨᠡᠮᠡᠷᠢᠯᠡᠵᠡᠢ᠃ ᠪᠦᠭᠦ ᠣᠷᠣᠨ ᠤ ᠤᠯᠠᠭᠠᠨᠮᠥ᠋ᠴᠢᠷ ᠤᠨ ᠬᠢᠨ ᠲᠤᠰᠬᠠᠢ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠢ ᠦᠨᠳᠦᠰᠦᠨ ᠱᠠᠲᠤᠨ ᠤ ᠦᠢᠯᠡᠴᠢᠯᠡᠭᠡᠨ ᠤ ᠦᠢᠯᠡᠳᠦᠯᠭᠡ ᠲᠠᠢ  ᠪᠠᠨ ᠨᠢᠭᠲᠠ ᠤᠶᠠᠯᠳᠤᠭᠤᠯᠵᠤ᠂︽ᠨᠢᠭᠡ ᠳᠤ ᠮᠡᠷᠭᠡᠰᠢᠵᠦ ᠣᠯᠠᠨ ᠳᠤ ᠴᠠᠭᠠᠷᠠᠬᠤ︾ ᠪᠣᠯᠪᠠᠰᠤᠷᠠᠯ ᠪᠠ︽ᠬᠤᠪᠢᠰᠬᠠᠯᠲᠤ ᠤᠳᠤᠮᠰᠢᠯ - ᠤᠯᠠᠭᠠᠨᠮᠥ᠋ᠴᠢᠷ ᠤᠨ ᠤᠯᠠᠮᠵᠢᠯᠠᠯ ᠰᠤᠷᠭᠠᠯᠲᠠ︾ ᠵᠡᠷᠭᠡ ᠰᠤᠷᠤᠯᠴᠠᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠭᠠᠨᠮᠥ᠋ᠴᠢᠷ ᠤᠨ ᠤᠷᠠᠯᠢᠭ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠦᠨ᠂ ᠣᠶᠤᠨ ᠰᠠᠨᠠᠭᠠᠨ ᠤ ᠠᠮᠢᠨ ᠰᠤᠳᠠᠰᠤ ᠶᠢ ᠤᠯᠠᠮᠵᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠵᠢᠭᠠᠨ ᠵᠢᠯᠣᠭᠤᠳᠤᠭᠴᠢ︾ ᠪᠣᠯᠤᠭᠰᠠᠨ ᠤ ᠬᠤᠪᠢ ᠳᠤ ᠤᠯᠠᠭᠠᠨᠮᠥ᠋ᠴᠢᠷ ᠲᠤ ᠪᠦᠷᠢᠨ ᠪᠦᠲᠦᠨ ᠰᠤᠷᠤᠯᠴᠠᠯᠭ᠎ᠠ ᠶᠢᠨ ᠵᠠᠮ ᠢ ᠳᠡᠪᠢᠰᠴᠦ ᠥᠭᠴᠡᠢ᠃ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠵᠢᠯᠣᠭᠤᠳᠤᠯᠭ᠎ᠠ ᠲᠣᠮᠣᠨ᠂ ᠤᠷᠠᠯᠢᠭ ᠤᠨ ᠲᠥᠷᠥᠯ ᠵᠦᠢᠯ ᠤᠨ ᠪᠣᠯᠪᠠᠰᠤᠷᠠᠯ  ᠤᠨ ᠠᠩᠭᠢ ᠡᠷᠭᠢᠯᠡᠨ᠂ ︽ᠨᠢᠭᠡ ᠳᠤ ᠮᠡᠷᠭᠡᠰᠢᠵᠦ ᠣᠯᠠᠨ ᠳᠤ ᠴᠠᠭᠠᠷᠠᠬᠤ︾ ᠴᠢᠳᠠᠪᠤᠷᠢᠲᠠᠨ ᠤ ᠪᠣᠯᠪᠠᠰᠤᠷᠠᠯ ᠤᠨ ᠠᠩᠭᠢ ᠳᠤ ᠣᠷᠣᠨ ᠤ ᠳᠣᠲᠣᠨ᠎ᠠ ᠭᠠᠳᠠᠨᠠᠬᠢ ᠤᠷᠠᠯᠢᠭ ᠤᠨ ᠬᠦᠷᠢᠶᠡᠨ ᠤ ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠪᠠ; ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠦᠷᠴᠦ ᠰᠤᠷᠤᠯᠴᠠᠬᠤ᠂ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠢ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠨ ᠴᠢᠳᠠᠪᠤᠷᠢᠲᠠᠨ ᠤ ᠰᠤᠳᠤᠯᠤᠨ ᠰᠤᠷᠤᠯᠴᠠᠬᠤ ᠲᠠᠪᠴᠠᠩ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠯᠠᠮᠵᠢᠯᠠᠯ ᠵᠢᠯᠣᠭᠤᠳᠤᠯᠭ᠎ᠠ ᠳᠣᠣᠷ᠎ᠠ᠂  ᠤᠯᠠᠭᠠᠨᠮᠥ᠋ᠴᠢᠷ ᠤᠨ ︽ᠰᠤᠷᠤᠯᠴᠠᠬᠤ ·ᠵᠣᠬᠢᠶᠠᠨ ᠪᠦᠲᠦᠭᠡᠬᠦ ·ᠲᠣᠭᠯᠠᠬᠤ︾ ᠶᠢᠨ ᠲᠦᠪᠰᠢᠨ ᠪᠠ ᠣᠯᠠᠨ ᠲᠦᠮᠡᠨ ᠤ ᠰᠣᠶᠣᠯ ᠤᠨ ᠠᠮᠢᠳᠤᠷᠠᠯ ᠳᠤ ᠦᠢᠯᠡᠴᠢᠯᠡᠬᠦ ᠴᠢᠳᠠᠪᠤᠷᠢ ᠴᠢᠨᠠᠭᠰᠢᠳᠠ ᠳᠡᠭᠡᠭᠰᠢᠯᠡᠭᠰᠡᠨ ᠪᠠᠶᠢᠨ᠎ᠠ᠃      ︽ᠵᠣᠬᠢᠶᠠᠨ ᠪᠦᠲᠦᠭᠡᠬᠦ︾ ᠪᠠᠷ ᠰᠠᠭᠤᠷᠢ ᠪᠤᠯᠭᠠᠵᠤ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠪᠡ      ᠤᠯᠠᠭᠠᠨᠮᠥ᠋ᠴᠢᠷ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠵᠣᠬᠢᠶᠠᠨ ᠪᠦᠲᠦᠭᠡᠬᠦ ᠪᠠᠷ ᠳᠠᠷᠬᠠᠨ ᠡᠭᠦᠷᠭᠡ ᠪᠠᠨ ᠪᠤᠯᠭᠠᠬᠰᠠᠨ ᠶᠤᠮ᠃︽ᠰᠤᠷᠤᠯᠴᠠᠬᠤ ·ᠵᠣᠬᠢᠶᠠᠨ ᠪᠦᠲᠦᠭᠡᠬᠦ ·ᠲᠣᠭᠯᠠᠬᠤ︾ ᠠᠵᠢᠯᠯᠠᠭ᠎ᠠ ᠥᠷᠨᠢᠭᠦᠯᠦᠭᠰᠡᠨ  ᠠᠴᠠ ᠨᠠᠭᠠᠰᠢ᠂ ᠪᠦᠭᠦ ᠣᠷᠣᠨ ᠤ ᠡᠯ᠎ᠡ ᠤᠯᠠᠭᠠᠨᠮᠥ᠋ᠴᠢᠷ ᠤᠨ ᠬᠢᠨ ᠣᠯᠠᠨ ᠤ ᠬᠦᠰᠡᠯ ᠢ ᠬᠥᠰᠡᠷᠳᠡᠭᠦᠯᠦᠯ ᠦᠭᠡᠢ ᠪᠠᠷ ᠲᠠᠪᠤᠨ ᠶᠡᠭᠡ ᠡᠭᠦᠷᠭᠡ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠳᠤ ᠭᠤᠣᠯᠳᠠᠯᠭ᠎ᠠ ᠪᠠᠨ ᠲᠠᠯᠪᠢᠵᠤ᠂ ᠮᠠᠨ ᠤ ᠣᠷᠣᠨ ᠤ ᠣᠯᠠᠨ ᠡᠰᠢᠲᠦ ᠨᠢᠭᠡ ᠴᠣᠭᠴᠠᠵᠢᠭᠰᠠᠨ ᠲᠡᠦᠬᠡ ᠰᠣᠶᠣᠯ᠂ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠳᠤ ᠠᠩᠬᠠᠷᠤᠯ ᠢᠶᠠᠨ ᠲᠥᠪᠯᠡᠷᠡᠭᠦᠯᠦᠨ ᠳᠠᠭᠤᠤ᠂ ᠪᠥᠵᠢᠭ᠂ ᠱᠤᠭ ᠵᠦᠴᠦᠭᠡ᠂ ᠳᠠᠭᠤᠤᠷᠢᠯᠢᠭ᠂ ᠠᠶ᠎ᠠ ᠬᠥᠭᠵᠢᠮ ᠵᠡᠷᠭᠡ ᠪᠦᠲᠦᠭᠡᠯ ᠢ 1987 ᠵᠣᠬᠢᠶᠠᠵᠤ᠂ ᠡᠭᠦᠨ ᠳᠤ ᠤᠤᠭᠠᠯ ᠪᠦᠲᠦᠭᠡᠯ ᠨᠢ 84.5% ᠶᠢ ᠡᠵᠡᠯᠡᠵᠡᠢ᠃      ᠡᠯ᠎ᠡ ᠠᠶᠢᠮᠠᠭ ᠬᠤᠲᠠ ᠶᠢᠨ ᠤᠯᠠᠭᠠᠨᠮᠥ᠋ᠴᠢᠷ ᠠᠴᠠ ᠬᠤᠯᠪᠤᠭ᠎ᠠ︽ᠦᠨᠳᠦᠰᠦᠲᠡᠨ ᠤ ᠪᠦᠯᠬᠦᠮᠳᠡᠯ ᠨᠢᠭᠡ ᠭᠡᠷ ᠮᠡᠲᠦ ᠳᠣᠲᠣᠨᠣ︾᠂ ᠴᠠᠷᠭᠢᠯ ᠬᠤᠯᠪᠤᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠢ ᠪᠡᠯᠭᠡᠯᠡᠶ᠎ᠡ︾ ᠵᠡᠷᠭᠡ ᠨᠢᠭᠡ ᠪᠦᠯᠦᠭ ᠴᠢᠬᠤᠯᠠ ᠶᠡᠭᠡ ᠭᠤᠣᠯ ᠰᠡᠳᠦᠪ ᠢ ᠠᠳᠬᠤᠵᠤ᠂ ᠦᠨᠳᠦᠰᠦᠲᠡᠨ ᠤ ᠪᠦᠯᠬᠦᠮᠳᠡᠯ ᠢ ᠲᠤᠰᠬᠠᠭᠰᠠᠨ᠂ ᠨᠡᠶᠢᠭᠡᠮ ᠤᠨ ᠪᠣᠳᠠᠲᠤ ᠪᠠᠶᠢᠳᠠᠯ ᠢ ᠲᠤᠰᠬᠠᠭᠰᠠᠨ ᠰᠢᠯᠢᠳᠡᠭ ᠪᠦᠲᠦᠭᠡᠯ ᠴᠣᠯᠭᠤᠷᠠᠨ ᠭᠠᠷᠪᠠ᠃ ︽ᠵᠢᠷᠭᠠᠯ ᠤᠨ ᠰᠢᠭᠰᠢᠷᠡᠭᠡ︾ ᠨᠢ ᠳᠤᠮᠳᠠᠳᠤ ᠤᠯᠤᠰ ᠤᠨ ᠪᠥᠵᠢᠭ ᠤᠨ ︽ᠯᠢᠩᠬᠤ᠎ᠠ ᠱᠠᠩᠨᠠᠯ︾ ᠤᠨ ᠦᠨᠳᠦᠰᠦᠲᠡᠨ ᠤ ᠠᠷᠠᠳ ᠤᠨ ᠪᠥᠵᠢᠭ ᠤᠨ ᠰᠢᠯᠭᠠᠷᠠᠭᠤᠯᠤᠯᠲᠠ ᠳᠤ ᠲᠡᠷᠢᠭᠦᠯᠡᠵᠦ᠂ ᠥᠯᠢᠭᠡᠷ ︽ᠲᠠᠯ᠎ᠠ ᠨᠤᠲᠤᠭ ᠤᠨ ᠬᠥᠪᠡᠭᠦᠨ︾ ᠨᠢ ︽ᠤᠷᠠᠯᠢᠭ ᠤᠨ ᠤᠳᠤ ᠰᠣᠳᠣ - ᠪᠦᠭᠦ ᠤᠯᠤᠰ ᠤᠨ ᠰᠢᠯᠢᠳᠡᠭ ᠵᠠᠯᠠᠭᠤ ᠳᠠᠭᠤᠷᠢᠯᠢᠭ ᠤᠷᠠᠯᠢᠭ ᠤᠨ ᠴᠢᠳᠠᠪᠤᠷᠢᠲᠠᠨ ᠤ ᠦᠵᠡᠭᠦᠯᠭᠡ ᠶᠢᠨ ᠲᠣᠬᠯᠠᠯᠲᠠ︾ ᠳᠤ ᠰᠣᠩᠭᠤᠭᠳᠠᠨ᠂ ᠳᠠᠭᠤᠯᠠᠯᠳᠤ ᠵᠦᠴᠦᠭᠡ ︽ᠮᠢᠨᠤ ᠨᠤᠲᠤᠭ︾ ᠨᠢ 2023 ᠣᠨ ᠤ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠲᠡᠳᠬᠦᠨ ᠳᠡᠮᠵᠢᠬᠦ ᠲᠥᠷᠥᠯ ᠵᠦᠢᠯ ᠳᠤ ᠰᠣᠩᠭᠤᠭᠳᠠᠨ ᠣᠷᠣᠪᠠ ᠁ ᠡᠲᠡᠭᠡᠷ ᠰᠢᠨ᠎ᠡ ᠪᠦᠲᠦᠭᠡᠯ ᠨᠢ ᠤᠯᠠᠭᠠᠨᠮᠥ᠋ᠴᠢᠷ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃      ᠠᠷᠠᠳ ᠲᠦᠮᠡᠨ ᠤᠷᠠᠯᠢᠭ ᠢ ᠱᠠᠭᠠᠷᠳᠠᠨ᠎ᠠ᠂ ᠤᠷᠠᠯᠢᠭ ᠠᠷᠠᠳ ᠲᠦᠮᠡᠨ ᠤ ᠳᠤᠮᠳᠠ ᠦᠨᠳᠦᠰᠦᠯᠡᠨ᠎ᠡ᠃ ᠡᠨᠡ ᠪᠣᠯ ᠤᠯᠠᠭᠠᠨᠮᠥ᠋ᠴᠢᠷ ᠤᠨ 60 ᠭᠠᠷᠤᠢ ᠵᠢᠯ ᠬᠥᠭᠵᠢᠨ ᠪᠠᠳᠠᠷᠠᠭᠰᠠᠨ ᠠᠮᠢᠯᠠᠯ ᠤᠨ ᠬᠦᠴᠦᠨ ᠶᠤᠮᠰᠠᠨ᠃ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠪᠦᠲᠦᠭᠡᠯ ᠬᠥᠮᠥᠰ ᠲᠤ ᠲᠠᠭᠠᠰᠢᠶᠠᠭᠳᠠᠭᠰᠠᠭᠠᠷ ᠢᠷᠡᠭᠰᠡᠨ ᠤ ᠤᠴᠢᠷ  ᠨᠢ ᠲᠠᠳᠠ ᠢᠮᠠᠭᠲᠠ ᠠᠷᠠᠳ ᠣᠯᠠᠨ ᠲᠠᠢ ᠬᠠᠮᠲᠤ ᠬᠤᠭᠤᠯᠠᠯᠠᠨ᠂ ᠬᠠᠮᠲᠤ ᠬᠤᠨᠣᠭᠯᠠᠵᠤ᠂ ᠬᠠᠮᠲᠤ ᠬᠥᠳᠡᠯᠮᠦᠷᠢᠯᠡᠭᠰᠡᠨ  ᠠᠴᠠ ᠪᠣᠯᠤᠭᠰᠠᠨ ᠶᠤᠮ᠃︽ᠰᠤᠷᠤᠯᠴᠠᠯᠭ᠎ᠠ·ᠵᠣᠬᠢᠶᠠᠨ ᠪᠦᠲᠦᠭᠡᠯᠭᠡ · ᠲᠣᠬᠯᠠᠯᠲᠠ︾ ᠶᠢᠨ ᠠᠵᠢᠯᠯᠠᠭ᠎ᠠ ᠥᠷᠨᠢᠭᠦᠯᠦᠨ ᠪᠠᠶᠠᠷ ᠪᠠᠶᠠᠰᠤᠯ ᠪᠠ ᠪᠣᠯᠪᠠᠰᠤᠨ ᠢ ᠦᠨᠳᠦᠰᠦᠨ ᠱᠠᠲᠤᠨ ᠳᠤ ᠬᠦᠷᠭᠡᠨ᠎ᠡ᠃ ᠤᠯᠠᠭᠠᠨᠮᠥ᠋ᠴᠢᠷ ᠤᠨ ᠭᠡᠰᠢᠭᠦᠳ ᠠᠮᠢᠳᠤᠷᠠᠯ ᠠᠴᠠ ᠰᠢᠮ᠎ᠡ ᠬᠦᠷᠲᠡᠵᠦ᠂ ᠨᠠᠩ ᠣᠯᠠᠨ ᠦᠨᠳᠦᠰᠦᠨ ᠱᠠᠲᠤᠨ ᠤ ᠠᠮᠢᠳᠤᠷᠠᠯ ᠢ ᠬᠠᠷᠠᠭᠤᠯᠤᠭᠰᠠᠨ᠂ ᠰᠢᠨ᠎ᠡ ᠰᠡᠪᠡᠭᠦᠨ᠂ ᠠᠷᠠᠳ ᠲᠦᠮᠡᠨ ᠳᠤ ᠣᠶᠢᠷᠠᠲᠤᠭᠰᠠᠨ ᠪᠦᠲᠦᠭᠡᠯ ᠢ ᠵᠣᠬᠢᠶᠠᠨ ᠪᠦᠲᠦᠭᠡᠪᠡ᠃      ᠤᠯᠠᠭᠠᠨᠮᠥ᠋ᠴᠢᠷ ᠤᠨ ᠰᠢᠨ᠎ᠡ ᠪᠦᠲᠦᠭᠡᠯ ᠤᠨ ᠶᠠᠰᠤ ᠴᠢᠨᠠᠷ ᠤᠨ ᠳᠡᠭᠡᠭᠰᠢᠯᠡᠯᠲᠡ ᠨᠢ ᠬᠦᠴᠦᠨ ᠵᠢᠳᠬᠦᠯ ᠢᠶᠠᠨ ᠦᠵᠡᠭᠦᠯᠦᠭᠰᠡᠨ ᠤᠳᠬ᠎ᠠ ᠤᠷᠠᠯᠢᠭ ᠤᠨ ᠳᠤᠭᠤᠶᠢᠯᠠᠩ ᠠᠴᠠ ᠰᠠᠯᠵᠤ ᠴᠢᠳᠠᠬᠤ ᠦᠭᠡᠢ ᠶᠤᠮ᠃ 2023 ᠣᠨ ᠤ 5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠯᠠᠭᠠᠨᠮᠥ᠋ᠴᠢᠷ ᠤᠨ︽ᠰᠤᠷᠤᠯᠴᠠᠯᠭ᠎ᠠ·ᠵᠣᠬᠢᠶᠠᠨ ᠪᠦᠲᠦᠭᠡᠯᠭᠡ·ᠲᠣᠬᠯᠠᠯᠲᠠ︾ ᠶᠢᠨ ᠤᠷᠠᠯᠢᠭ ᠤᠨ ᠵᠢᠭᠠᠨ ᠵᠢᠯᠣᠭᠤᠳᠤᠭᠴᠢ  ᠶᠢᠨ ᠬᠤᠣᠰᠯᠠᠨ ᠵᠢᠯᠤᠭᠤᠳᠬᠤ ᠳᠦᠷᠢᠮ ᠢ ᠪᠠᠶᠢᠭᠤᠯᠵᠤ᠂ 25 ᠤᠷᠠᠯᠢᠭ ᠤᠨ ᠵᠢᠭᠠᠨ ᠵᠢᠯᠣᠭᠤᠳᠤᠭᠴᠢ ᠶᠢ ᠡᠯ᠎ᠡ ᠤᠯᠠᠭᠠᠨᠮᠥ᠋ᠴᠢᠷ ᠲᠤ ᠲᠣᠮᠢᠯᠠᠨ ᠵᠣᠬᠢᠶᠠᠨ ᠪᠦᠲᠦᠭᠡᠬᠦ ᠶᠢ ᠵᠢᠯᠣᠭᠤᠳᠤᠭᠤᠯᠪᠠ᠃ ᠡᠨᠡ ᠵᠢᠯ ᠥᠪᠥᠷ ᠮᠣᠩᠭᠤᠯ ᠳᠠᠭᠢᠨ 30 ᠵᠢᠭᠠᠨ ᠵᠢᠯᠣᠭᠤᠳᠤᠭᠴᠢ ᠶᠢ ᠡᠯ᠎ᠡ ᠠᠶᠢᠮᠠᠭ ᠬᠤᠲᠠ ᠳᠤ ᠲᠣᠮᠢᠯᠠᠨ ᠠᠵᠢᠯ ᠥᠷᠨᠢᠭᠦᠯᠵᠦ᠂ ᠲᠤᠰᠬᠠᠢ ᠮᠡᠷᠭᠡᠵᠢᠯ  ᠤᠨ ᠵᠢᠯᠣᠭᠤᠳᠤᠯᠭ᠎ᠠ ᠪᠠᠷ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠰᠢᠮᠡᠵᠢᠭᠦᠯᠵᠦ ᠪᠠᠶᠢᠨ᠎ᠠ᠃      ︽ᠲᠣᠬᠯᠠᠯᠳᠠ︾ ᠪᠠᠷ ᠦᠨᠳᠦᠰᠦ ᠪᠤᠯᠭᠠᠵᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ      ᠨᠢᠭᠡ ᠴᠠᠭ ᠦᠶ᠎ᠡ ᠶᠢᠨ ᠤᠳᠬ᠎ᠠ ᠤᠷᠠᠯᠢᠭ ᠤᠨ ᠠᠮᠵᠢᠯᠲᠠ ᠪᠦᠲᠦᠮᠵᠢ ᠶᠢ ᠦᠨᠡᠯᠡᠬᠦ ᠳᠤ ᠤᠳᠬ᠎ᠠ ᠤᠷᠠᠯᠢᠭ  ᠤᠨ ᠪᠦᠲᠦᠭᠡᠯ ᠠᠴᠠ ᠰᠠᠯᠵᠤ ᠪᠤᠯᠬᠤ ᠦᠭᠡᠢ ᠶᠤᠮ᠃ ︽ᠲᠣᠬᠯᠠᠯᠳᠠ︾ ᠨᠢ ᠰᠠᠶᠢᠨ ᠡᠰᠡᠬᠦ᠂ ᠠᠷᠠᠳ ᠣᠯᠠᠨ ᠬᠠᠨᠤᠮᠵᠢᠳᠠᠢ ᠪᠠᠶᠢᠬᠤ ᠡᠰᠡᠬᠦ ᠪᠣᠯ ᠤᠯᠠᠭᠠᠨᠮᠥ᠋ᠴᠢᠷ ᠤᠨ ᠦᠢᠯᠡᠴᠢᠯᠡᠭᠡᠨ ᠤ ᠴᠢᠳᠠᠪᠤᠷᠢ ᠶᠢᠨ ᠰᠢᠭᠤᠳ ᠢᠯᠡᠷᠡᠯ ᠮᠥᠨ᠃      ᠵᠣᠨ ᠤ ᠤᠯᠠᠷᠢᠯ ᠳᠤ ᠨᠢᠭᠡ ᠰᠠᠷ᠎ᠠ ᠶᠢᠨ ᠬᠤᠭᠤᠴᠠᠭ᠎ᠠ ᠪᠦᠬᠦᠢ ᠤᠯᠠᠭᠠᠨᠮᠥ᠋ᠴᠢᠷ ᠤᠨ ᠰᠠᠷ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂︽ᠰᠤᠷᠤᠯᠴᠠᠯᠭ᠎ᠠ·ᠵᠣᠬᠢᠶᠠᠨ ᠪᠦᠲᠦᠭᠡᠯᠭᠡ ·ᠲᠣᠬᠯᠠᠯᠲᠠ︾ ᠶᠢᠨ ᠰᠢᠯᠢᠳᠡᠭ ᠪᠦᠲᠦᠭᠡᠯ ᠢ ᠠᠪᠴᠤ ᠪᠦᠭᠦ ᠣᠷᠣᠨ ᠤ ᠡᠯ᠎ᠡ ᠭᠠᠵᠠᠷ ᠢᠶᠠᠷ ᠶᠠᠪᠤᠨ᠎ᠠ; ᠡᠪᠦᠯ ᠤᠨ ᠤᠯᠠᠷᠢᠯ ᠳᠤ ︽ᠪᠠᠶᠠᠷ ᠪᠠᠶᠠᠰᠤᠯ ᠬᠦᠷᠭᠡᠬᠦ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠦᠢᠯᠡᠳᠪᠦᠷᠢ ᠠᠭᠤᠷᠬᠠᠢ ᠠᠵᠤ ᠠᠬᠤᠶᠢᠯᠠᠯ᠂ ᠰᠤᠷᠭᠠᠭᠤᠯᠢ ᠨᠡᠶᠢᠭᠡᠮ ᠲᠣᠭᠤᠷᠢᠭ ᠵᠢᠴᠢ ᠪᠤᠶᠢᠳᠠ ᠪᠥᠭᠯᠡᠭᠦᠦ ᠭᠠᠵᠠᠷ ᠣᠷᠣᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠᠭᠤᠷᠠᠢ ᠭᠠᠵᠠᠷ ᠣᠷᠣᠨ  ᠢᠶᠠᠷ ᠬᠦᠷᠴᠦ ᠲᠤᠬᠯᠠᠯᠳᠠ ᠭᠠᠷᠭᠠᠨ᠎ᠠ ᠁ ᠪᠦᠭᠦ ᠣᠷᠣᠨ ᠤ ᠤᠯᠠᠭᠠᠨᠮᠥ᠋ᠴᠢᠷ ᠤᠨ ᠬᠢᠨ ᠵᠢᠯ ᠪᠣᠯᠭᠠᠨ 8000 ᠲᠠᠯᠠᠪᠠᠢ ᠲᠣᠬᠯᠠᠯᠲᠠ ᠪᠠ ᠦᠢᠯᠡᠴᠢᠯᠡᠭᠡᠨ ᠤ ᠠᠵᠢᠯᠯᠠᠭ᠎ᠠ ᠶᠠᠪᠤᠭᠤᠯᠵᠤ᠂ ᠤᠳᠬ᠎ᠠ ᠤᠷᠠᠯᠢᠭ ᠤᠨ ᠴᠡᠴᠡᠭ ᠢ ᠤᠮᠠᠷᠠᠲᠤ ᠬᠢᠯᠢ ᠶᠢᠨ ᠡᠬᠡ ᠭᠠᠵᠠᠷ ᠲᠤ ᠳᠡᠯᠭᠡᠷᠡᠭᠦᠯᠦᠭᠰᠡᠭᠡᠷ᠃      ᠡᠨᠡ ᠵᠢᠯ ᠤᠯᠠᠭᠠᠨᠮᠥ᠋ᠴᠢᠷ ᠤᠨ ᠬᠢᠨ ᠪᠦᠭᠦ ᠬᠡᠯᠬᠢᠶᠡᠨ ᠤ ᠲᠣᠬᠯᠠᠯᠲᠠ ᠦᠢᠯᠡᠴᠢᠯᠡᠭᠡᠨ ᠤ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ᠂ ᠲᠤᠬᠯᠠᠯᠳᠠ ᠲᠣᠭᠲᠠᠭᠠᠬᠤ᠂ ᠣᠯᠠᠨ ᠲᠦᠮᠡᠨ ᠵᠠᠬᠢᠶᠠᠯᠠᠭ᠎ᠠ ᠬᠢᠬᠦ᠂ ᠲᠣᠬᠯᠠᠯᠲᠠ ᠭᠠᠷᠭᠠᠬᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠠᠷᠢᠭᠤ ᠲᠤᠰᠬᠠᠬᠤ ᠪᠦᠭᠦ ᠬᠡᠯᠬᠢᠶᠡᠨ ᠤ ᠲᠣᠬᠯᠠᠯᠲᠠ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠠᠶᠢᠭᠤᠯᠪᠠ᠃ ︽ᠣᠯᠠᠨ ᠲᠦᠮᠡᠨ ᠵᠠᠬᠢᠶᠠᠯᠠᠭ᠎ᠠ ᠥᠭᠬᠦ︾᠂ ︽ᠣᠯᠠᠨ ᠲᠦᠮᠡᠨ ᠬᠤᠪᠢ ᠥᠭᠬᠦ︾ ᠠᠷᠭ᠎ᠠ ᠭᠡᠯᠪᠡᠷᠢ ᠨᠢ ᠠᠷᠠᠳ ᠣᠯᠠᠨ ᠤ ᠤᠳᠬ᠎ᠠ ᠤᠷᠠᠯᠢᠭ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠤᠯᠠᠮ ᠨᠢᠭᠡ ᠠᠯᠬᠤᠮ ᠣᠨᠣᠴᠠᠲᠠᠢ ᠵᠣᠯᠭᠠᠭᠤᠯᠤᠨ᠂ ᠤᠯᠠᠭᠠᠨᠮᠥ᠋ᠴᠢᠷ  ᠤᠨ ᠵᠣᠬᠢᠶᠠᠨ ᠪᠦᠲᠦᠭᠡᠯᠭᠡ ᠲᠤᠬᠯᠠᠯᠳᠠ ᠶᠢ ᠣᠯᠠᠨ ᠲᠦᠮᠡᠨ ᠲᠠᠢ ᠨᠠᠩ ᠣᠶᠢᠷᠠᠲᠤᠭᠤᠯᠵᠤ᠂ ᠬᠥᠮᠥᠰ ᠤᠨ ᠰᠡᠳᠬᠢᠯ ᠢ ᠨᠡᠩ ᠳᠤᠯᠠᠭᠠᠴᠠᠭᠤᠯᠤᠯ᠎ᠠ᠃      ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠵᠤ᠂ ᠥᠨᠢ ᠡᠭᠦᠷᠢᠳᠡ ᠠᠷᠠᠳ ᠲᠦᠮᠡᠨ ᠳᠤ ᠦᠨᠳᠦᠰᠦᠯᠡᠵᠦ᠂ ᠥᠨᠢ ᠡᠭᠦᠷᠢᠳᠡ ᠠᠷᠠᠳ ᠲᠦᠮᠡᠨ ᠤ ᠲᠥᠯᠥᠭᠡ ᠳᠠᠭᠤᠯᠠᠨ᠎ᠠ᠃ ᠡᠨᠡ ᠪᠣᠯ ᠪᠦᠭᠦ ᠣᠷᠣᠨ ᠤ ᠤᠯᠠᠭᠠᠨᠮᠥ᠋ᠴᠢᠷ ᠤᠨ ᠭᠡᠰᠢᠭᠦᠳ ᠤᠨ ᠬᠤᠪᠢᠷᠠᠰᠢ ᠦᠭᠡᠢ ᠤᠭ ᠰᠠᠨᠠᠭ᠎ᠠ ᠪᠢᠯᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号