ᠬᠥᠬᠡᠬᠤᠲᠠ ᠶᠢᠨ ᠶᠡᠷᠦᠩᠬᠡᠢᠯᠡᠭᠰᠡᠨ ᠭᠠᠶᠢᠯᠢ ᠪᠠᠲᠤᠯᠠᠬᠤ ᠣᠷᠣᠨ ᠠᠩᠬᠠᠳᠠᠭᠴᠢ ᠭᠠᠳᠠᠭᠠᠳᠤ ᠠᠴᠠ ᠣᠷᠣᠭᠤᠯᠤᠭᠰᠠᠨ ᠠᠯᠲᠠᠨ ᠤ ᠮᠠᠲ᠋ᠧᠷᠢᠶᠠᠯ  ᠪᠣᠭᠤᠮᠲᠠ ᠪᠠᠷ ᠤᠷᠤᠭᠰᠢᠲᠠᠢ ᠥᠩᠭᠡᠷᠡᠪᠡ
ᠨᠡᠶᠢᠲᠡᠯᠡᠭᠰᠡᠨ ᠴᠠᠭ᠄
2024/6/18
     ︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠬᠦᠷᠢᠶᠡᠯᠡᠩ  ᠲᠣᠭᠤᠷᠢᠭ ᠤᠨ ᠠᠵᠤ ᠠᠬᠤᠶᠢᠯᠠᠯ ᠪᠣᠯᠬᠤ ᠬᠥᠬᠡᠬᠤᠲᠠ ᠶᠢᠨ ᠶᠢᠨ ᠪᠦᠦ ᠬᠠᠩᠭᠠᠯᠭ᠎ᠠ ᠶᠢᠨ ᠬᠡᠯᠬᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠭᠠᠳᠠᠭᠠᠳᠤ ᠠᠴᠠ  ᠣᠷᠣᠭᠤᠯᠤᠭᠰᠠᠨ ᠠᠯᠲᠠᠨ ᠤ  ᠮᠠᠲ᠋ᠧᠷᠢᠶᠠᠯ  ᠪᠣᠭᠤᠮᠲᠠ ᠪᠠᠷ ᠤᠷᠤᠭᠰᠢᠲᠠᠢ ᠥᠩᠭᠡᠷᠡᠪᠡ᠃ ᠡᠨᠡ ᠪᠣᠯ 5 ᠳ᠋ᠤᠭᠠᠷ ᠰᠠᠷ᠎ᠠ ᠶᠢᠨ 28 ᠤ ᠡᠳᠦᠷ ᠶᠡᠷᠦᠩᠬᠡᠶᠢᠯᠡᠭᠰᠡᠨ  ᠭᠠᠶᠢᠯᠢ ᠪᠠᠲᠤᠯᠠᠬᠤ ᠤᠷᠤᠨ ᠤ ︽ᠠᠵᠢᠯ ᠤᠨ ᠲᠤᠰᠬᠠᠢ ᠠᠩᠭᠢ︾ ᠱᠧᠨᠵᠧᠨ ᠳᠤ ᠬᠦᠷᠴᠦ ᠠᠯᠲᠠ ᠪᠣᠯᠪᠠᠰᠤᠷᠠᠭᠤᠯᠬᠤ ᠠᠷᠠᠯᠵᠢᠶᠠᠨ ᠤ ᠬᠡᠯᠡᠯᠴᠡᠭᠡᠷ  ᠲᠣᠭᠲᠠᠬᠤ ᠶᠢ ᠠᠬᠢᠭᠤᠯᠤᠭᠰᠠᠨ ᠠᠴᠠ ᠨᠠᠭᠠᠰᠢ᠂ ᠠᠩᠬᠠᠳᠠᠭᠴᠢ  ᠠᠯᠲᠠ ᠪᠣᠯᠪᠠᠰᠤᠷᠠᠭᠤᠯᠬᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠡᠬᠢᠯᠡᠭᠦᠯᠵᠦ᠂  ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠶᠢ 5400 ᠭᠠᠷᠤᠶ ᠲᠦᠮᠡᠨ ᠲᠥᠭᠦᠷᠢᠭ ᠨᠡᠮᠡᠭᠳᠡᠭᠦᠯᠵᠦ᠂ ᠬᠥᠬᠡᠬᠤᠲᠠ ᠶᠢᠨ ᠡᠳ᠋ᠰᠢᠭᠦᠯᠵᠦ  ᠪᠣᠯᠪᠠᠰᠤᠷᠠᠭᠤᠯᠬᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠳᠤ ᠨᠢᠭᠡᠨ ᠴᠤ᠋ ᠰᠢᠨ᠎ᠡ ︽ᠰᠢᠵᠢᠷ ᠠᠯᠲᠠᠨ ᠵᠠᠮ︾ ᠬᠠᠩᠭᠠᠭᠰᠠᠨ ᠪᠠᠶᠢᠨ᠎ᠠ᠃            ᠲᠤᠰ ᠲᠤᠬᠠᠢᠯᠠᠭᠰᠠᠨ ᠠᠵᠢᠯ ᠨᠢ ᠭᠦᠢᠬᠡᠬᠤᠳᠠ ᠶᠢᠨ ᠶᠢᠨ ᠪᠤᠤ ᠬᠠᠩᠭᠠᠯᠭ᠎ᠠ ᠶᠢᠨ ᠬᠡᠯᠬᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠰᠢᠶᠠᠩᠭᠠᠩ ᠠᠴᠠ  ᠣᠷᠣᠭᠤᠯᠤᠭᠰᠠᠨ ᠪᠠᠷᠠᠭᠠᠨ ᠤ ᠥᠷᠲᠡᠭ ᠨᠢ 2700 ᠲᠦᠮᠡᠨ ᠲᠥᠭᠦᠷᠢᠭ ᠬᠦᠷᠴᠦ᠂ ᠱᠧᠨᠵᠧᠨ ᠬᠤᠲᠠ ᠶᠢᠨ ᠼᠦᠢ ᠯᠢᠦᠢ ᠠᠯᠲᠠ ᠨᠠᠷᠢᠯᠢᠭ  ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠪᠠᠷ ᠳᠠᠮᠵᠢᠨ ᠪᠤᠯᠪᠠᠰᠤᠷᠠᠭᠤᠯᠤᠭᠰᠠᠨ ᠤ ᠳᠠᠷᠠᠭ᠎ᠠ᠂ ᠪᠦᠲᠦᠭᠡᠭᠳᠡᠬᠦᠨ ᠨᠢ LBMA ︵ᠯᠣᠨᠳᠣᠨ ᠤ ᠠᠯᠲᠠ  ᠮᠥᠩᠭᠦᠨ ᠤ ᠵᠠᠬ᠎ᠠ ᠳᠡᠯᠭᠡᠭᠦᠷ ᠤᠨ ᠨᠡᠢᠭᠡᠮᠯᠢᠭ︶ ᠤᠨ ᠭᠡᠷᠡᠴᠢᠯᠡᠭᠰᠡᠨ ᠬᠡᠰᠡᠭᠲᠦ ᠠᠯᠲᠠ ᠪᠣᠯᠵᠤ ᠂ 6 ᠳ᠋ᠤᠭᠠᠷ ᠰᠠᠷ᠎ᠠ ᠶᠢᠨ 14 ᠤ ᠡᠳᠦᠷ ᠰᠢᠶᠠᠩᠭᠠᠩ  ᠣᠷᠣᠨ ᠳᠤ ᠭᠠᠷᠭᠠᠪᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠴᠢᠳᠠᠮᠵᠢ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ  ᠪᠠᠳᠠᠷᠠᠭᠤᠯᠬᠤ ᠪᠠᠷ ᠳᠠᠮᠵᠢᠭᠤᠯᠤᠨ᠂ ᠲᠣᠰ ᠲᠥᠷᠥᠯ ᠵᠦᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠠᠵᠤ ᠦᠢᠯᠡᠳᠪᠦᠷᠢ  ᠠᠷᠠᠯᠵᠢᠶᠠᠨ ᠤ ᠲᠤᠭ᠎ᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠣᠯᠤᠮᠵᠢ ᠲᠠᠢ᠃            ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ︽ᠰᠢᠵᠢᠷ ᠠᠯᠲᠠᠨ ᠤ ᠵᠠᠮ︾ ᠤᠨ ᠲᠤᠬᠠᠶᠢᠯᠠᠭᠰᠠᠨ  ᠠᠵᠢᠯ ᠤᠨ ᠵᠠᠭᠪᠤᠷ ᠲᠤ ᠦᠷᠭᠦᠯᠵᠢᠯᠡᠨ ᠰᠢᠨ᠎ᠡ ᠶᠢ ᠡᠭᠦᠳᠴᠦ᠂ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠬᠡᠨ᠂ ᠦᠨᠡᠲᠦ ᠲᠡᠮᠦᠷᠯᠢᠭ ᠤᠨ  ᠲᠤᠬᠠᠶᠢᠯᠠᠭᠰᠠᠨ ᠠᠵᠢᠯ ᠤᠨ ᠳᠡᠯᠡᠬᠡᠶᠢᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠷᠡᠭᠯᠡᠭᠡᠨ ᠤ ᠬᠦᠷᠢᠶ᠎ᠡ ᠶᠢ ᠪᠥᠬᠦ ᠲᠠᠯ᠎ᠠ ᠪᠠᠷ  ᠥᠷᠭᠡᠳᠬᠡᠨ᠂ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠪᠠᠶᠢᠳᠠᠯ ᠢ ᠬᠠᠶᠢᠨ ᠰᠦᠪᠡᠭᠴᠢᠯᠡᠵᠦ᠂ ᠶᠡᠷᠦᠩᠬᠡᠶᠢᠯᠡᠭᠰᠡᠨ  ᠭᠠᠶᠢᠯᠢ ᠪᠠᠲᠤᠯᠠᠬᠤ ᠣᠷᠣᠨ ᠤ ᠦᠨᠡᠲᠦ ᠲᠡᠮᠦᠷᠯᠢᠭ ᠤᠨ ᠠᠷᠠᠯᠵᠢᠶᠠᠨ ᠤ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂  ᠬᠥᠬᠡᠬᠤᠲᠠ ᠶᠢᠨ ᠥᠨᠳᠥᠷ ᠬᠢᠷᠢ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠭᠠᠳᠠᠭᠰᠢ ᠬᠠᠨᠳᠤᠭᠤᠯᠤᠭᠰᠠᠨ ᠠᠵᠤ ᠠᠬᠤᠶ ᠶᠢᠨ ᠴᠢᠨᠠᠷ ᠰᠠᠶᠢᠲᠠᠶ  ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号